︵2024 ᠣᠨ ᠤ 11 ᠰᠠᠷ᠎ᠠ ᠶᠢᠨ 18 ᠤ ᠡᠳᠦᠷ᠂ ᠷᠢᠦ᠋ ᠳ᠋ᠢ ᠿᠧᠨᠧᠶᠢᠷᠦ᠋ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠯᠦᠯᠠ᠂ | ᠬᠠᠮᠲᠤ ᠠᠵᠢᠯᠯᠠᠭᠰᠠᠳ ᠠ᠋᠄ | ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠨᠢᠭᠡᠨᠲᠡ 16 | ᠵᠢᠯ ᠤᠨ ᠲᠡᠦᠬᠡᠨ ᠶᠠᠪᠤᠴᠠ ᠶᠢ ᠥᠩᠭᠡᠷᠡᠭᠡᠵᠡᠢ᠃ ᠡᠳᠡᠭᠡᠷ ᠵᠢᠯ ᠤᠳ ᠲᠤ ᠪᠢᠳᠡ ᠬᠦᠴᠢᠷ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠢ ᠠᠷᠭᠠᠴᠠᠭᠠᠵᠤ᠂ ᠪᠦᠭᠦ ᠪᠥᠮᠪᠥᠷᠴᠡᠭ ᠤᠨ ᠠᠵᠤ ᠠᠬᠤᠢ᠂ | ᠮᠥᠩᠭᠦᠨ ᠭᠦᠢᠯᠭᠡᠭᠡᠨ᠂ ᠠᠷᠠᠯᠵᠢᠶ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠠᠵᠤ | ᠠᠬᠤᠢ ᠶᠢ ᠳᠠᠭᠠᠭᠤᠯᠤᠨ ᠰᠡᠷᠭᠦᠯᠲᠡ ᠶᠢᠨ ᠵᠠᠮ ᠳᠤ ᠣᠷᠣᠭᠤᠯᠪᠠ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠪᠦᠭᠦ ᠪᠥᠮᠪᠥᠷᠴᠡᠭ ᠤᠨ ᠥᠷᠢᠰᠦᠯᠳᠦᠭᠡᠨ ᠳᠤ ᠰᠢᠭᠤᠳ ᠬᠠᠨᠳᠤᠨ᠂ ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠤ ᠪᠠᠷ | ᠠᠷᠭᠠᠴᠠᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠨ᠂ ᠮᠡᠷᠭᠡᠵᠢᠯ ᠤᠨ ᠬᠤᠪᠢᠰᠤᠯᠲᠠ ᠶᠢ | ᠬᠥᠲᠥᠯᠥᠨ ᠳᠠᠭᠠᠭᠤᠯᠵᠤ᠂ ᠬᠤᠷᠢᠨ ᠤᠯᠤᠰ ᠤᠨ ᠪᠦᠯᠦᠭᠯᠡᠯ ᠳᠤ ᠲᠠᠰᠤᠷᠠᠯᠳᠠ ᠦᠭᠡᠢ ᠰᠢᠨ᠎ᠡ ᠬᠠᠷᠢᠭᠤᠴᠠᠯᠭ᠎ᠠ ᠪᠠ ᠡᠭᠦᠷᠭᠡ | ᠣᠯᠭᠤᠪᠠ᠃ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ | ᠲᠡᠭᠦᠯᠳᠡᠷᠵᠢᠭᠦᠯᠵᠦ᠂ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠤᠯᠠᠨ | ᠤᠯᠤᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠡᠷᠬᠡ ᠲᠡᠭᠰᠢ ᠪᠠᠷ | ᠵᠥᠪᠳᠡᠯᠴᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠪᠠᠷ ᠤᠯᠠᠨ ᠤᠯᠤᠰ ᠤᠨ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠪᠠ᠃ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠷᠢᠨ ᠤᠯᠤᠰ ᠤᠨ ᠪᠦᠯᠦᠭᠯᠡᠯ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠥᠭᠭᠦᠨ᠂ ᠦᠷᠭᠦᠯᠵᠢᠯᠡᠨ | ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠲᠡᠦᠬᠡ ᠶᠢᠨ ᠲᠠᠪᠰᠢᠯᠳᠠ ᠶᠢ ᠠᠬᠢᠭᠤᠯᠬᠤ ᠬᠦᠴᠦᠨ ᠪᠣᠯᠪᠠᠯ | ᠵᠣᠬᠢᠨ᠎ᠠ᠃ ᠪᠢᠳᠡ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠶᠢ ᠠᠵᠠ ᠲᠣᠭᠢᠶᠠᠯ ᠭᠡᠵᠦ ᠦᠵᠡᠬᠦ ᠠᠴᠠ ᠪᠢᠰᠢ ᠬᠠᠷᠢᠨ | ᠥᠷᠢᠰᠦᠯᠳᠦᠭᠡᠨ ᠭᠡᠵᠦ ᠦᠵᠡᠵᠦ ᠪᠤᠯᠬᠤ ᠦᠭᠡᠢ᠂ ᠨᠦᠭᠦᠭᠡ ᠡᠲᠡᠭᠡᠳ ᠢᠶᠠᠨ ᠬᠠᠨᠢᠲᠠᠨ ᠪᠤᠯᠭᠠᠬᠤ ᠠᠴᠠ ᠪᠢᠰᠢ | ᠥᠷᠢᠰᠦᠯᠳᠦᠭᠴᠢ ᠪᠤᠯᠭᠠᠵᠤ ᠪᠤᠯᠬᠤ ᠦᠭᠡᠢ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ | ᠪᠠᠷᠢᠮᠵᠢᠶ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ | ᠡᠮᠬᠢ ᠳᠢᠭᠯᠢᠮ ᠢ ᠬᠠᠮᠠᠭᠠᠯᠠᠶ᠎ᠠ᠃ ᠬᠤᠷᠢᠨ ᠤᠯᠤᠰ ᠤᠨ ᠪᠦᠯᠦᠭᠯᠡᠯ ᠤᠨ ᠡᠭᠦᠷᠭᠡ ᠲᠤᠰᠢᠶᠠᠯ ᠲᠠᠢ ᠤᠶᠠᠯᠳᠤᠭᠤᠯᠵᠤ᠂ ᠠᠵᠤ | ᠠᠬᠤᠢ᠂ ᠮᠥᠩᠭᠦᠨ ᠭᠦᠢᠯᠭᠡᠭᠡᠨ᠂ ᠠᠷᠠᠯᠵᠢᠶ᠎ᠠ᠂ ᠲᠣᠭᠠᠴᠢᠯᠠᠯᠲᠠ᠂ ᠠᠮᠢ ᠠᠬᠤᠢ ᠣᠷᠴᠢᠨ ᠲᠣᠭᠤᠷᠢᠨ ᠵᠡᠷᠭᠡ ᠬᠦᠷᠢᠶᠡᠨ ᠳᠤ | ᠤᠯᠠᠨ ᠤᠯᠤᠰ ᠤᠨ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠦᠭᠦ ᠪᠥᠮᠪᠥᠷᠴᠡᠭ ᠤᠨ | ᠵᠠᠰᠠᠯᠲᠠ ᠶᠢ ᠲᠡᠭᠦᠯᠳᠡᠷᠵᠢᠭᠦᠯᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ | ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ᠃ | ᠨᠢᠭᠡᠳᠦᠭᠡᠷ ᠲᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠤᠶ᠎ᠠ᠃ ᠪᠢᠳᠡ ᠨᠢᠭᠡᠨᠲᠡ ᠬᠤᠷᠢᠨ ᠤᠯᠤᠰ ᠤᠨ ᠪᠦᠯᠦᠭᠯᠡᠯ ᠤᠨ ᠪᠦᠭᠦ | ᠲᠠᠯ᠎ᠠ ᠶᠢᠨ ᠨᠡᠮᠡᠭᠳᠡᠯ ᠤᠨ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠬᠦᠴᠦᠲᠡᠢ᠂ ᠦᠷᠭᠦᠯᠵᠢᠯᠡᠬᠦᠶᠢᠴᠡ᠂ ᠲᠡᠩᠴᠡᠭᠦᠷᠢᠲᠡᠢ ᠪᠠ | ᠪᠠᠭᠲᠠᠭᠠᠮᠵᠢᠲᠠᠢ ᠨᠡᠮᠡᠭᠳᠡᠯ ᠤᠨ ᠪᠣᠷᠣ ᠲᠥᠯᠥᠪ ᠢ ᠪᠠᠶᠢᠭᠤᠯᠪᠠ᠃ ᠣᠳᠣᠬᠠᠨ ᠳᠤ᠂ ᠪᠦᠭᠦ ᠪᠥᠮᠪᠥᠷᠴᠡᠭ ᠤᠨ ᠠᠵᠤ ᠠᠬᠤᠢ ᠶᠢᠨ | ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠵᠣᠭᠤᠰ᠂ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠲᠠᠯ᠎ᠠ ᠪᠠᠷ ᠬᠤᠷᠸ᠎ᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ | ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠳᠡᠯᠡᠬᠡᠢ ᠶᠢᠨ ᠠᠵᠤ ᠠᠬᠤᠢ ᠳᠤ ᠨᠡᠩ ᠥᠷᠭᠡᠨ ᠠᠭᠤᠳᠠᠮ | ᠬᠥᠭᠵᠢᠯᠲᠡ ᠶᠢᠨ ᠣᠷᠣᠨ ᠵᠠᠢ ᠶᠢ ᠨᠡᠭᠡᠭᠡᠵᠦ ᠥᠭᠬᠦ ᠪᠠᠷ ᠬᠦᠴᠦᠯᠡᠨ ᠴᠢᠷᠮᠠᠶᠢᠶ᠎ᠠ᠃ ᠬᠤᠷᠢᠨ ᠤᠯᠤᠰ ᠤᠨ ᠪᠦᠯᠦᠭᠯᠡᠯ ᠤᠨ | ᠡᠳ᠋ ᠤᠨ ᠵᠠᠰᠠᠭ ᠤᠨ ᠶᠠᠮᠤᠨ ᠤ ᠰᠠᠶᠢᠳ ᠪᠣᠯᠣᠨ ᠲᠥᠪ ᠪᠠᠩᠬᠢ ᠶᠢᠨ ᠳᠠᠷᠤᠭ᠎ᠠ ᠨᠠᠷ ᠤᠨ ᠬᠤᠷᠠᠯ ᠤᠨ ᠲᠣᠭᠲᠠᠴᠠ ᠶᠢ | ᠰᠠᠶᠢᠲᠤᠷ ᠠᠰᠢᠭᠯᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢᠨ ︽ᠲᠣᠭᠲᠠᠪᠤᠷᠢᠵᠢᠭᠤᠯᠤᠭᠴᠢ︾ ᠶᠢ | ᠡᠭᠦᠳᠴᠦ᠂ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠤᠯᠠᠨ ᠤᠯᠤᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠ ᠬᠤᠳᠠᠯᠳᠤᠭᠠᠨ ᠤ ᠠᠪᠴᠠᠭᠠᠨ ᠤ ᠲᠠᠯ᠎ᠠ ᠨᠢ ᠭᠤᠣᠯ ᠠᠪᠴᠠᠭᠠᠨ ᠤ ᠲᠠᠯ᠎ᠠ ᠪᠣᠯᠤᠭᠰᠠᠨ ᠤ ᠬᠤᠪᠢ ᠳᠤ᠂ | ᠬᠥᠭᠵᠢᠵᠦ ᠪᠠᠶᠢᠭ᠎ᠠ ᠤᠯᠤᠰ ᠤᠨ ᠥᠷᠢ ᠥᠭᠴᠡᠭᠡ ᠶᠢ ᠬᠥᠩᠭᠡᠷᠡᠭᠦᠯᠵᠦ ᠬᠤᠶᠢᠰᠢᠯᠠᠭᠤᠯᠬᠤ ᠠᠵᠢᠯᠯᠠᠭ᠎ᠠ ᠳᠤ ᠣᠷᠣᠯᠴᠠᠪᠠᠯ | ᠵᠣᠬᠢᠨ᠎ᠠ᠃ ᠰᠤᠷᠲᠠᠯ ᠴᠢᠬᠡᠴᠢ ᠣᠪᠣᠷ ᠲᠥᠪ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠢᠯᠵᠠᠷᠠᠯ ᠢ | ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠨ᠂ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ | ᠡᠳ᠋ ᠢ ᠨᠡᠬᠡᠮᠵᠢᠯᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠢᠯᠵᠠᠷᠠᠯ ᠤᠨ ᠡᠲᠡᠭᠡᠳ ᠵᠢᠴᠢ ᠲᠡᠭᠦᠨ ᠤ ᠡᠳ᠋ | ᠬᠥᠷᠥᠩᠭᠡ ᠳᠤ ︽ᠠᠶᠤᠯ ᠠᠴᠠ ᠵᠠᠶᠢᠯᠠᠬᠤ ᠭᠠᠷᠠᠮ︾ ᠪᠢᠲᠡᠭᠡᠢ ᠬᠠᠩᠭᠠᠶ᠎ᠠ᠃ | ᠬᠤᠶᠠᠳᠤᠭᠠᠷ ᠲᠤ᠂ ᠪᠦᠭᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠵᠠᠰᠠᠯᠲᠠ ᠶᠢ ᠲᠡᠭᠦᠯᠳᠡᠷᠵᠢᠭᠦᠯᠵᠦ᠂ ᠲᠣᠭᠲᠠᠭᠤᠨ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠤᠶ᠎ᠠ᠃ ᠬᠥᠭᠵᠢᠵᠦ ᠪᠠᠶᠢᠭ᠎ᠠ ᠤᠯᠤᠰ ᠤᠳ ᠤᠨ ᠦᠭᠡ ᠬᠡᠯᠡᠬᠦ ᠡᠷᠬᠡ ᠪᠠ | ᠲᠥᠯᠥᠭᠡᠯᠡᠬᠦ ᠴᠢᠨᠠᠷ ᠢ ᠨᠡᠮᠡᠭᠳᠡᠭᠦᠯᠵᠦ᠂ ᠡᠯ᠎ᠡ ᠲᠠᠯ᠎ᠠ ᠶᠢᠨ ᠬᠢᠨ ᠤ ᠵᠥᠪᠳᠡᠯᠴᠡᠨ ᠲᠣᠭᠲᠠᠭᠠᠭᠰᠠᠨ ᠴᠠᠭ ᠤᠨ ᠬᠦᠰᠦᠨᠦᠭᠲᠦ ᠪᠠ | ᠵᠠᠮ ᠱᠤᠭᠤᠮ ᠤᠨ ᠵᠢᠷᠤᠭ ᠶᠣᠰᠣᠭᠠᠷ᠂ ᠳᠡᠯᠡᠬᠡᠢ ᠶᠢᠨ ᠪᠠᠩᠬᠢ ᠶᠢᠨ ᠰᠲ᠋ᠣᠺ ᠤᠨ ᠡᠷᠬᠡ ᠶᠢ ᠬᠢᠨᠠᠨ ᠶᠠᠷᠢᠯᠴᠠᠬᠤ ᠠᠵᠢᠯ ᠢ | ᠥᠷᠨᠢᠭᠦᠯᠵᠦ᠂ ᠤᠯᠠᠨ ᠤᠯᠤᠰ ᠤᠨ ᠵᠣᠭᠤᠰᠤᠨ ᠤ ᠰᠠᠭᠤᠷᠢ ᠮᠥᠩᠭᠦ ᠶᠢᠨ ᠵᠣᠬᠢᠶᠠᠨ ᠪᠠᠶᠢᠭᠤᠯᠤᠯᠲᠠ ᠶᠢᠨ ᠬᠤᠪᠢ ᠶᠢᠨ | ᠡᠵᠡᠯᠡᠬᠦ ᠬᠠᠷᠢᠴᠠᠯ ᠳᠤ ᠲᠣᠬᠢᠷᠠᠭᠤᠯᠤᠯᠲᠠ ᠬᠢᠬᠦ ᠠᠵᠢᠯ ᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠮᠥᠩᠭᠦᠨ | ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠲᠤᠰ ᠤᠯᠤᠰ ᠤᠨ ᠢᠶᠠᠨ | ᠵᠣᠭᠤᠰᠤᠨ ᠤ ᠲᠦᠷᠦ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠨᠠᠵᠠᠭᠠᠢ ᠦᠷ᠎ᠡ ᠨᠥᠯᠥᠭᠡ ᠡᠭᠦᠰᠴᠦ ᠦᠷᠪᠢᠰᠦᠨ | ᠲᠡᠯᠡᠷᠡᠬᠦ ᠶᠢ ᠰᠡᠷᠭᠡᠶᠢᠯᠡᠵᠦ᠂ ᠬᠥᠭᠵᠢᠭᠰᠡᠨ ᠤᠯᠤᠰ ᠤᠳ ᠡᠨᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠭᠦ᠂ ᠰᠢᠢᠳᠪᠦᠷᠢᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠲᠣᠭᠠᠴᠢᠯᠠᠭᠰᠠᠨ ᠵᠣᠭᠤᠰ᠂ ᠭᠠᠶᠢᠯᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠪᠦᠭᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠲᠣᠣᠷ ᠢ ᠪᠠᠬᠢᠵᠢᠭᠦᠯᠦᠶ᠎ᠡ᠃ ︽ᠬᠤᠷᠢᠨ ᠤᠯᠤᠰ ᠤᠨ | ᠪᠦᠯᠦᠭᠯᠡᠯ ᠤᠨ ᠦᠷᠭᠦᠯᠵᠢᠯᠡᠬᠦ ᠮᠥᠩᠭᠦᠨ ᠭᠦᠢᠯᠭᠡᠭᠡᠨ ᠤ ᠵᠠᠮ ᠱᠤᠭᠤᠮ ᠤᠨ ᠵᠢᠷᠤᠭ︾ ᠢ ᠲᠦᠷᠭᠡᠳᠬᠡᠨ ᠨᠠᠶᠢᠳᠠᠪᠤᠷᠢᠵᠢᠭᠤᠯᠵᠤ᠂ | ᠬᠥᠭᠵᠢᠵᠦ ᠪᠠᠶᠢᠭ᠎ᠠ ᠤᠯᠤᠰ ᠤᠳ ᠤᠨ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠬᠡᠷᠡᠭᠲᠡᠢ᠃ | ᠭᠤᠷᠪᠠᠳᠤᠭᠠᠷ ᠲᠤ᠂ ᠪᠦᠭᠦ ᠪᠥᠮᠪᠥᠷᠴᠡᠭ ᠤᠨ ᠠᠷᠠᠯᠵᠢᠶᠠᠨ ᠤ ᠵᠠᠰᠠᠯᠲᠠ ᠶᠢ ᠲᠡᠭᠦᠯᠳᠡᠷᠵᠢᠭᠦᠯᠵᠦ᠂ ᠨᠡᠭᠡᠭᠡᠯᠲᠡᠲᠤ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠤᠶ᠎ᠠ᠃ ᠬᠥᠭᠵᠢᠯᠲᠡ ᠶᠢ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠵᠥᠪᠯᠡᠬᠦ ᠵᠦᠢᠯ ᠤᠨ ᠭᠤᠣᠯ ᠪᠠᠶᠢᠷᠢᠨ ᠳᠤ ᠲᠠᠯᠪᠢᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ | ᠴᠢᠯᠦᠭᠡᠵᠢᠯᠲᠡ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ | ᠡᠰᠡᠷᠭᠦᠴᠡᠵᠦ᠂ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢᠨ ᠠᠯᠢ ᠲᠦᠷᠭᠡᠨ ᠢᠶᠠᠷ ᠬᠡᠪ ᠤᠨ ᠠᠵᠢᠯᠯᠠᠭ᠎ᠠ ᠪᠠᠨ | ᠰᠡᠷᠭᠦᠭᠡᠬᠦ ᠶᠢ ᠠᠬᠢᠭᠤᠯᠬᠤ ᠶᠢᠨ ᠬᠠᠮᠲᠤ ︽ᠬᠥᠭᠵᠢᠯᠲᠡ ᠶᠢ ᠠᠬᠢᠭᠤᠯᠬᠤ ᠪᠡᠯᠡ ᠣᠷᠣᠭᠤᠯᠤᠯᠲᠠ ᠶᠢᠨ ᠳᠥᠭᠦᠮᠴᠢᠯᠡᠯᠲᠡ ᠶᠢᠨ | ᠬᠡᠯᠡᠯᠴᠡᠭᠡᠷ︾ ᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠤᠨ ᠪᠣᠷᠣ ᠲᠥᠯᠥᠪ ᠲᠤ ᠣᠷᠣᠭᠤᠯᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠯᠡᠯᠴᠡᠭᠡᠷ ᠤᠨ ᠲᠤᠬᠠᠢ ᠡᠷᠲᠡᠬᠡᠨ ᠰᠠᠨᠠᠯ ᠨᠢᠭᠡᠳᠬᠦ ᠬᠡᠷᠡᠭᠲᠡᠢ᠃ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠢᠳᠡᠪᠬᠢᠲᠡᠢ | ᠠᠬᠢᠭᠤᠯᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠢ ᠪᠠᠶᠢᠭᠰᠠᠨ ᠵᠥᠪᠯᠡᠬᠦ ᠰᠡᠳᠦᠪ ᠢ ᠰᠢᠢᠳᠪᠦᠷᠢᠯᠡᠬᠦ ᠮᠥᠷᠲᠡᠭᠡᠨ | ᠢᠷᠡᠭᠡᠳᠦᠢ ᠳᠤ ᠬᠠᠨᠳᠤᠭᠰᠠᠨ ᠰᠢᠨ᠎ᠡ ᠳᠦᠷᠢᠮ ᠢ ᠢᠳᠡᠪᠬᠢᠲᠡᠢ ᠰᠦᠪᠡᠭᠴᠢᠯᠡᠨ ᠲᠣᠭᠲᠠᠭᠠᠵᠤ᠂ ᠤᠯᠠᠨ ᠲᠠᠯᠠᠲᠤ ᠠᠷᠠᠯᠵᠢᠶᠠᠨ ᠤ | ᠪᠠᠶᠢᠭᠤᠯᠤᠯ ᠤᠨ ᠡᠷᠬᠡ ᠰᠦᠷᠲᠦ ᠴᠢᠨᠠᠷ᠂ ᠪᠦᠲᠦᠮᠵᠢᠲᠦ ᠴᠢᠨᠠᠷ ᠪᠠ ᠬᠤᠯᠪᠣᠭᠳᠠᠯᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | ᠠᠵᠤ ᠠᠬᠤᠢ ᠶᠢᠨ ᠠᠰᠠᠭᠤᠳᠠᠯ ᠢ ᠤᠯᠤᠰ ᠲᠥᠷᠥᠴᠢᠯᠡᠬᠦ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠢ ᠵᠣᠷᠢᠭᠤᠳᠠ | ᠲᠠᠰᠤᠳᠠᠨ ᠰᠠᠯᠭᠠᠬᠤ ᠠᠴᠠ ᠵᠠᠶᠢᠯᠠᠰᠬᠢᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠬᠦ ᠨᠡᠷ᠎ᠡ ᠪᠠᠷ ᠬᠠᠮᠠᠭᠠᠯᠠᠬᠤ | ᠦᠵᠡᠯ ᠢ ᠬᠡᠷᠡᠭᠵᠢᠭᠦᠯᠬᠦ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠵᠢᠯ ᠤᠨ ᠡᠮᠦᠨ᠎ᠡ᠂ ᠳᠤᠮᠳᠠᠳᠤ ᠤᠯᠤᠰ ᠢᠨᠳᠤᠨᠧᠰᠢᠶ᠎ᠠ ᠵᠡᠷᠭᠡ | ᠤᠯᠤᠰ ᠲᠠᠢ ᠬᠠᠮᠲᠤ ᠪᠠᠷ ︽ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠴᠢᠨᠠᠷ ᠪᠣᠯᠣᠨ | ᠲᠣᠭᠲᠠᠭᠤᠨ ᠤᠯᠠᠨ ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ︾ ᠶᠢ ᠳᠤᠷᠠᠳᠴᠤ᠂ ᠨᠡᠩ ᠡᠷᠬᠡ ᠲᠡᠭᠰᠢ ᠴᠢᠨᠠᠷ᠂ | ᠪᠠᠭᠲᠠᠭᠠᠮᠵᠢᠲᠤ ᠴᠢᠨᠠᠷ ᠪᠣᠯᠣᠨ ᠪᠦᠲᠦᠭᠡᠯᠴᠢ ᠴᠢᠨᠠᠷ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ ᠤᠷᠢᠶᠠᠯᠠᠪᠠ᠂ ᠪᠢᠳᠡ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠡᠭᠦᠨ ᠤ ᠲᠤᠬᠠᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠳᠥᠷᠪᠡᠳᠦᠭᠡᠷ ᠲᠤ᠂ ᠪᠦᠭᠦ ᠪᠥᠮᠪᠥᠷᠴᠡᠭ ᠤᠨ ᠲᠣᠭᠠᠴᠢᠯᠠᠭᠰᠠᠨ ᠵᠠᠰᠠᠯᠲᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠤᠶ᠎ᠠ᠃ ᠬᠤᠷᠢᠨ ᠤᠯᠤᠰ ᠤᠨ ᠪᠦᠯᠦᠭᠯᠡᠯ ᠤᠨ ᠲᠣᠭᠠᠴᠢᠯᠠᠭᠰᠠᠨ ᠠᠵᠤ | ᠠᠬᠤᠢ ᠶᠢᠨ ᠶᠠᠮᠤᠨ ᠤ ᠰᠠᠶᠢᠳ ᠨᠠᠷ ᠤᠨ ᠬᠤᠷᠠᠯ ᠤᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠲᠣᠭᠠᠴᠢᠯᠠᠭᠰᠠᠨ ᠲᠡᠶᠢᠰᠢ | ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢ ᠭᠦᠨᠵᠡᠭᠡᠢ | ᠠᠭᠤᠰᠤᠯᠴᠠᠭᠤᠯᠬᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠳᠦᠷᠢᠮ ᠢ ᠲᠣᠭᠲᠠᠭᠠᠬᠤ ᠵᠡᠷᠭᠡ ᠲᠠᠯ᠎ᠠ ᠪᠠᠷ | ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠶ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠤᠯᠠᠨ ᠤᠯᠤᠰ ᠤᠨ | ᠵᠠᠰᠠᠯᠲᠠ ᠪᠣᠯᠣᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ ᠶᠢᠨ ᠰᠠᠶᠢᠨ ᠰᠠᠶᠢᠬᠠᠨ ᠢ ᠡᠷᠬᠢᠮᠯᠡᠨ᠂ | ᠪᠦᠭᠦ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠲᠤᠯᠠᠵᠤ᠂ ᠲᠡᠭᠦᠨ ᠤ ︽ᠪᠠᠶᠠᠨ ᠤᠯᠤᠰ ᠪᠠ ᠪᠠᠶᠠᠴᠤᠳ ᠤᠨ | ᠲᠣᠭᠯᠠᠭᠠᠮ︾ ᠪᠤᠯᠬᠤ ᠠᠴᠠ ᠵᠠᠶᠢᠯᠠᠰᠬᠢᠶᠡ᠃ ᠳᠤᠮᠳᠠᠳᠤ ᠤᠯᠤᠰ 2024 ᠳᠡᠯᠡᠬᠡᠢ ᠶᠢᠨ ᠵᠣᠬᠢᠶᠠᠮᠠᠯ ᠤᠶᠤᠨ ᠴᠢᠳᠠᠪᠤᠷᠢ ᠶᠢᠨ | ᠶᠡᠭᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠪᠦᠭᠦ ᠪᠥᠮᠪᠥᠷᠴᠡᠭ ᠤᠨ ᠵᠠᠰᠠᠯᠲᠠ ᠶᠢᠨ ᠳᠡᠭᠡᠳᠦ ᠲᠡᠰ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠣᠬᠢᠶᠠᠮᠠᠯ ᠤᠶᠤᠨ ᠴᠢᠳᠠᠪᠤᠷᠢ ᠶᠢᠨ ᠪᠦᠭᠦ ᠪᠥᠮᠪᠥᠷᠴᠡᠭ ᠤᠨ ᠵᠠᠰᠠᠯᠲᠠ ᠶᠢᠨ | ᠱᠠᠩᠬᠠᠢ ᠶᠢᠨ ᠲᠤᠩᠬᠠᠭ︾ ᠢ ᠨᠡᠶᠢᠲᠡᠯᠡᠵᠦ᠂ ᠡᠯ᠎ᠡ ᠲᠠᠯ᠎ᠠ ᠶᠢᠨ ᠬᠢᠨ ᠲᠠᠢ ᠬᠠᠮᠲᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠶᠡᠭᠡ ᠬᠤᠷᠠᠯ ᠤᠨ ᠵᠣᠬᠢᠶᠠᠮᠠᠯ ᠤᠶᠤᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠤᠯᠠᠨ | ᠤᠯᠤᠰ ᠤᠨ ᠬᠠᠮᠲᠤᠷᠠᠯᠴᠠᠭᠠᠨ ᠤ ᠰᠢᠢᠳᠪᠦᠷᠢ ᠶᠢ ᠪᠠᠲᠤᠯᠠᠬᠤ ᠶᠢ ᠠᠬᠢᠭᠤᠯᠪᠠ᠃ ᠳᠤᠮᠳᠠᠳᠤ ᠤᠯᠤᠰ 2025 ᠣᠨ ᠳᠤ | ᠦᠷᠭᠦᠯᠵᠢᠯᠡᠨ ᠳᠡᠯᠡᠬᠡᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠶᠡᠭᠡ ᠬᠤᠷᠠᠯ ᠢ ᠬᠤᠷᠠᠯᠳᠤᠭᠤᠯᠵᠤ᠂ ᠬᠤᠷᠢᠨ ᠤᠯᠤᠰ ᠤᠨ | ᠪᠦᠯᠦᠭᠯᠡᠯ ᠤᠨ ᠪᠦᠷᠢᠯᠳᠦᠭᠦᠨ ᠤ ᠣᠷᠤᠯᠴᠠᠬᠤ ᠶᠢ ᠪᠠᠶᠠᠷᠯᠠᠨ ᠤᠭᠲᠤᠨ᠎ᠠ᠃ | ᠲᠠᠪᠤᠳᠤᠭᠠᠷ ᠲᠤ᠂ ᠪᠦᠭᠦ ᠪᠥᠮᠪᠥᠷᠴᠡᠭ ᠤᠨ ᠠᠮᠢ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ | ᠨᠥᠭᠦᠷᠰᠡᠭ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠤᠶ᠎ᠠ᠃ ᠬᠠᠮᠲᠤ ᠶᠢᠨ ᠪᠤᠯᠪᠠᠴᠤ ᠢᠯᠭᠠᠭ᠎ᠠ ᠲᠠᠢ | ᠬᠠᠷᠢᠭᠤᠴᠠᠯᠭ᠎ᠠ ᠶᠢᠨ ᠵᠠᠷᠴᠢᠮ ᠢ ᠵᠢᠷᠤᠮᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠶᠢᠯᠠᠭᠠᠭᠳᠠᠬᠤᠨ ᠢᠶᠠᠷ᠂ ︽ᠫᠠᠷᠢᠰ ᠤᠨ ᠬᠡᠯᠡᠯᠴᠡᠭᠡᠷ︾ ᠪᠣᠯᠣᠨ ︽ᠺᠦᠨᠮᠢᠩ - ᠮᠣᠨᠲᠷᠧᠶᠠᠯ ᠤᠨ ᠪᠦᠭᠦ ᠪᠥᠮᠪᠥᠷᠴᠡᠭ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠪᠣᠷᠣ ᠲᠥᠯᠥᠪ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠤᠶ᠎ᠠ᠃ | ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠴᠢᠬᠤᠯᠠ ᠪᠦᠬᠦᠢ ᠪᠡᠯᠡ ᠮᠥᠩᠭᠦ᠂ ᠮᠡᠷᠭᠡᠵᠢᠯ᠂ | ᠴᠢᠳᠠᠪᠤᠷᠢ ᠶᠢᠨ ᠪᠠᠶᠢᠭᠤᠯᠤᠯᠲᠠ ᠶᠢᠨ ᠳᠡᠮᠵᠢᠯᠭᠡ ᠬᠠᠩᠭᠠᠶ᠎ᠠ᠃ ᠣᠶᠢᠷ᠎ᠠ ᠶᠢᠨ ᠬᠤᠭᠤᠴᠠᠭᠠᠨ ᠳᠤ ᠡᠷᠭᠢᠯᠡᠭᠰᠡᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠭᠡᠷᠡᠲᠦ ᠲᠠᠯ᠎ᠠ ᠶᠢᠨ ᠶᠡᠭᠡ ᠬᠤᠷᠠᠯ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠂ | ᠪᠢᠳᠠ ᠡᠨᠡ ᠵᠢᠯ ᠤᠨ ᠳᠣᠲᠣᠷ᠎ᠠ ᠬᠤᠷᠠᠯᠳᠤᠭᠤᠯᠤᠭᠰᠠᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ | ᠴᠦᠯᠯᠡᠷᠭᠡᠭᠵᠢᠯᠳᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠣᠯᠬᠤ ᠶᠢ ᠬᠠᠮᠲᠤ ᠪᠠᠷ | ᠳᠡᠮᠵᠢᠶ᠎ᠡ᠃ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠪᠠ ᠡᠨᠧᠷᠭᠢ ᠶᠢᠨ ᠠᠮᠤᠷ ᠲᠦᠪᠰᠢᠨ ᠪᠣᠯ ᠲᠣᠮᠣ ᠶᠠᠪᠤᠳᠠᠯ ᠪᠣᠯᠣᠨ᠎ᠠ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠡᠪᠡᠷ ᠡᠨᠧᠷᠭᠢ ᠪᠠᠷ ᠲᠣᠭᠲᠠᠭᠤᠨ ᠡᠮᠬᠢ | ᠵᠢᠷᠤᠮ ᠲᠠᠢ ᠪᠠᠷ ᠤᠯᠠᠮᠵᠢᠯᠠᠯᠲᠤ ᠡᠨᠧᠷᠭᠢ ᠶᠢ ᠣᠷᠣᠯᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠶ᠎ᠡ᠃ ᠳᠤᠮᠳᠠᠳᠤ ᠶᠢᠨ ᠬᠢᠨ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠪᠣᠬᠢᠷᠳᠤᠯ ᠦᠭᠡᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ | ᠡᠨᠧᠷᠭᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶ᠎ᠡ | ᠴᠠᠷᠠᠭ᠎ᠠ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠯ ᠤᠨ ᠢᠶᠠᠨ ᠬᠢᠷᠢ ᠪᠠᠷ | ᠬᠥᠭᠵᠢᠵᠦ ᠪᠠᠶᠢᠭ᠎ᠠ ᠤᠯᠤᠰ ᠲᠤ ᠳᠡᠮᠵᠢᠯᠭᠡ ᠬᠠᠩᠭᠠᠨ᠎ᠠ᠃ | ᠪᠦᠭᠦ ᠪᠥᠮᠪᠥᠷᠴᠡᠭ ᠤᠨ ᠠᠮᠤᠷ ᠲᠦᠪᠰᠢᠨ ᠤ ᠵᠠᠰᠠᠯᠲᠠ ᠴᠤ ᠪᠦᠭᠦ ᠪᠥᠮᠪᠥᠷᠴᠡᠭ ᠤᠨ ᠵᠠᠰᠠᠯᠲᠠ ᠶᠢᠨ ᠴᠢᠬᠤᠯᠠ | ᠪᠦᠷᠢᠯᠳᠦᠭᠦᠨ ᠬᠡᠰᠡᠭ ᠪᠣᠯᠣᠨ᠎ᠠ᠃ ᠬᠤᠷᠢᠨ ᠤᠯᠤᠰ ᠤᠨ ᠪᠦᠯᠦᠭᠯᠡᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠢᠴᠢ | ᠲᠡᠭᠦᠨ ᠤ ᠠᠶᠤᠯ ᠦᠭᠡᠢ ᠶᠢᠨ ᠵᠥᠪᠯᠡᠯ ᠤᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠬᠢᠮᠤᠷᠠᠯ ᠢ | ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠳᠡᠮᠵᠢᠶ᠎ᠡ᠃ ︽ᠲᠠᠶᠢᠨ ᠤ ᠲᠠᠯᠠᠪᠤᠷ ᠢ ᠭᠠᠳᠠᠭᠰᠢ | ᠳᠡᠯᠡᠭᠦ ᠦᠭᠡᠢ᠂ ᠲᠠᠶᠢᠨ ᠤ ᠶᠠᠪᠤᠳᠠᠯ ᠢ ᠳᠡᠰ ᠳᠡᠪᠰᠢᠭᠦᠯᠬᠦ ᠦᠭᠡᠢ᠂ ᠡᠯ᠎ᠡ ᠲᠠᠯ᠎ᠠ ᠶᠢᠨ ᠬᠢᠨ ᠬᠠᠳᠬᠤᠵᠤ ᠥᠳᠥᠭᠡᠬᠦ ᠦᠭᠡᠢ︾ | ᠪᠠᠶᠢᠬᠤ ᠵᠠᠷᠴᠢᠮ ᠢᠶᠠᠷ᠂ ᠦᠺᠷᠠᠶᠢᠨ ᠤ ᠬᠢᠮᠤᠷᠠᠯ ᠤᠨ ᠪᠠᠶᠢᠳᠠᠯ ᠨᠠᠮᠳᠠᠬᠤ ᠶᠢ ᠠᠬᠢᠭᠤᠯᠵᠤ᠂ ᠤᠯᠤᠰ ᠲᠦᠷᠦ ᠪᠠᠷ ᠰᠢᠢᠳᠪᠦᠷᠢᠯᠡᠬᠦ | ᠠᠷᠭ᠎ᠠ ᠵᠠᠮ ᠢ ᠡᠷᠢᠯᠬᠢᠯᠡᠶ᠎ᠡ᠃ ᠳᠤᠮᠳᠠᠳᠤ ᠤᠯᠤᠰ ᠪᠣᠯᠣᠨ ᠪᠷᠠᠽᠢᠯ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ | ᠬᠤᠯᠪᠣᠭᠳᠠᠯ ᠪᠦᠬᠦᠢ ᠤᠯᠤᠰ ᠤᠳ ᠲᠠᠢ ᠬᠠᠮᠲᠤᠷᠠᠨ ᠦᠺᠷᠠᠶᠢᠨ ᠤ ᠬᠢᠮᠤᠷᠠᠯ ᠤᠨ ︽ᠨᠠᠶᠢᠷᠠᠮᠳᠠᠯ ᠤᠨ ᠨᠠᠶᠢᠵᠠ︾ ᠶᠢᠨ | ᠳᠤᠭᠤᠶᠢᠯᠠᠩ ᠢ ᠡᠭᠦᠰᠬᠡᠨ ᠪᠠᠶᠢᠭᠤᠯᠵᠤ᠂ ᠡᠩᠬᠡ ᠲᠠᠶᠢᠪᠤᠩ ᠤᠨ ᠲᠥᠯᠥᠭᠡ ᠴᠢᠷᠮᠠᠶᠢᠬᠤ ᠨᠡᠩ ᠣᠯᠠᠨ ᠳᠠᠭᠤᠨ ᠢ | ᠨᠢᠭᠲᠠᠷᠠᠭᠤᠯᠤᠭᠰᠠᠨ ᠪᠠᠶᠢᠨ᠎ᠠ᠃ ᠭᠠᠽᠠ ᠶᠢᠨ ᠳᠠᠶᠢᠨ ᠤ ᠭᠠᠯ ᠠᠷᠠᠳ ᠲᠦᠮᠡᠨ ᠳᠤ ᠬᠦᠨᠳᠦ ᠬᠡᠴᠡᠭᠦᠦ ᠭᠠᠰᠠᠯᠠᠩ ᠵᠣᠪᠠᠯᠠᠩ | ᠠᠪᠴᠢᠷᠠᠪᠠ᠂ ᠡᠯ᠎ᠡ ᠲᠠᠯ᠎ᠠ ᠶᠢᠨ ᠬᠢᠨ ᠤ ᠳᠠᠶᠢᠨ ᠵᠣᠬᠰᠣᠬᠤ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠬᠥᠮᠦᠯᠢᠭ | ᠦᠵᠡᠯ ᠤᠨ ᠬᠢᠮᠤᠷᠠᠯ ᠪᠣᠯᠣᠨ ᠳᠠᠶᠢᠨ ᠤ ᠳᠠᠷᠠᠭᠠᠬᠢ ᠳᠠᠭᠢᠨ ᠪᠦᠲᠦᠭᠡᠨ ᠪᠠᠶᠢᠭᠤᠯᠤᠯᠲᠠ ᠳᠤ ᠳᠡᠮᠵᠢᠯᠭᠡ ᠬᠠᠩᠭᠠᠶ᠎ᠠ᠃ | ᠫᠠᠯᠧᠰᠲ᠋ᠠᠶᠢᠨ ᠢᠰᠷᠧᠯ ᠤᠨ ᠲᠡᠭᠢᠨ ᠳᠠᠪᠲᠠᠨ ᠮᠥᠷᠭᠦᠯᠳᠦᠭᠡᠨ ᠡᠭᠦᠰᠬᠦ ᠶᠢ ᠰᠢᠢᠳᠪᠦᠷᠢᠯᠡᠬᠦ ᠦᠨᠳᠦᠰᠦᠨ ᠭᠠᠷᠬᠤ ᠵᠠᠮ ᠪᠣᠯ | ︽ᠬᠤᠶᠠᠷ ᠤᠯᠤᠰ ᠤᠨ ᠲᠥᠰᠥᠯ︾ ᠢ ᠨᠠᠶᠢᠳᠠᠪᠤᠷᠢᠵᠢᠭᠤᠯᠵᠤ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ | ᠠᠰᠢᠭ ᠢ ᠰᠡᠷᠭᠦᠭᠡᠵᠦ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠬᠤ ᠶᠠᠪᠤᠳᠠᠯ ᠪᠣᠯᠣᠨ᠎ᠠ᠃ | ᠬᠠᠮᠲᠤ ᠠᠵᠢᠯᠯᠠᠭᠰᠠᠳ ᠠ᠋︕ | ᠪᠢᠳᠡ ᠬᠤᠷᠢᠨ ᠤᠯᠤᠰ ᠤᠨ ᠪᠦᠯᠦᠭᠯᠡᠯ ᠢ ᠪᠠᠶᠢᠭᠤᠯᠤᠭᠰᠠᠨ ᠤᠭ ᠰᠠᠨᠠᠭ᠎ᠠ ᠪᠠᠨ ᠲᠠᠭᠢᠨ ᠡᠷᠭᠢᠴᠡᠭᠦᠯᠵᠦ᠂ ᠷᠢᠥ᠋ ᠳ᠋ᠢ | ᠿᠧᠨᠧᠶᠢᠷᠦ᠋ ᠠᠴᠠ ᠲᠠᠭᠢᠨ ᠮᠣᠷᠳᠠᠵᠤ᠂ ᠬᠠᠨᠢᠲᠠᠨ ᠤ ᠬᠠᠷᠢᠯᠴᠠᠭ᠎ᠠ ᠪᠠᠨ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠬᠠᠮᠲᠤ ᠪᠠᠷ ᠬᠥᠭᠵᠢᠨ ᠴᠡᠴᠡᠭᠯᠡᠭᠰᠡᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠶ᠎ᠠ︕ | ᠣᠯᠠᠨ ᠳᠤ ᠪᠠᠶᠠᠷᠯᠠᠯ᠎ᠠ᠃ |