ᠪᠠᠷᠠᠭᠤᠨ ᠦᠵᠦᠮᠦᠴᠢᠨ ᠬᠤᠰᠢᠭᠤ ︽ᠠᠷᠪᠠᠨ ᠲᠠᠪᠤᠳᠤᠭᠠᠷ ᠲᠠᠪᠤᠨ ᠵᠢᠯ︾ ᠎ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/11/22
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃    ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ  ᠨᠠᠶᠢᠷᠠᠭᠤᠯᠬᠤ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠪᠣᠯ ᠲᠥᠯᠦᠪᠵᠢᠭᠦᠯᠭᠡ ᠶᠢ ᠨᠠᠶᠢᠷᠠᠭᠤᠯᠬᠤ ᠶᠢᠨ ᠴᠢᠬᠤᠯᠠ ᠰᠠᠭᠤᠷᠢ ᠮᠥᠨ᠂ ᠲᠡᠷᠡ ᠨᠢ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢᠨ ᠰᠡᠳᠬᠢᠮᠵᠢ ᠶᠢ ᠲᠥᠯᠥᠪᠯᠡᠨ᠂ ᠠᠵᠢᠯ ᠤᠨ ᠬᠦᠰᠡᠯᠡᠩᠲᠦ ᠴᠢᠨᠠᠷ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠨᠡᠮᠡᠭᠳᠡᠭᠦᠯᠵᠦ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠥᠭᠵᠢᠯᠲᠡ ᠶᠢᠨ ᠳᠠᠪᠠᠭᠤᠯᠢᠭ ᠢ   ᠪᠠᠳᠠᠷᠠᠭᠤᠯᠬᠤ ᠶᠢ ᠬᠥᠲᠥᠯᠥᠨ ᠵᠢᠯᠣᠭᠤᠳᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠲᠠᠢ ᠶᠤᠮ᠃     ᠡᠨᠡ ᠵᠢᠯ ᠠᠴᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠰᠤᠳᠤᠯᠬᠤ ᠪᠠ ᠨᠠᠶᠢᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ  ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠦᠨᠳᠦᠰᠦᠨ ᠰᠡᠳᠬᠢᠮᠵᠢ ᠶᠢ ᠨᠠᠶᠢᠷᠠᠭᠤᠯᠬᠤ ᠪᠠ ᠡᠯ᠎ᠡ ᠬᠦᠷᠢᠶ᠎ᠡ ᠬᠡᠪᠴᠢᠶᠡᠨ ᠤ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠢ ᠢᠳᠡᠪᠬᠢᠲᠡᠢ ᠥᠷᠨᠢᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠠᠴᠠ ᠨᠠᠭᠠᠰᠢᠬᠢ ᠬᠥᠭᠵᠢᠯᠲᠡ ᠶᠢᠨ ᠲᠠᠯ᠎ᠠ ᠪᠠᠷ ᠬᠢ ᠭᠤᠣᠯ ᠦᠷ᠎ᠡ ᠪᠦᠲᠦᠮᠵᠢ᠂ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠢ ᠳ᠋ᠦᠩᠨᠡᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠰᠡᠳᠬᠢᠮᠵᠢ᠂ ᠵᠠᠷᠴᠢᠮ ᠪᠠ ᠬᠠᠷᠠᠯᠲᠠ ᠡᠭᠦᠷᠭᠡ ᠵᠡᠷᠭᠡ ᠠᠭᠤᠯᠭ᠎ᠠ ᠶᠢ ᠵᠠᠳᠠᠯᠤᠨ ᠰᠤᠳᠤᠯᠵᠤ ᠮᠠᠭᠠᠳᠯᠠᠨ᠂ ᠢᠷᠡᠭᠡᠳᠦᠢ ᠶᠢᠨ ᠲᠠᠪᠤᠨ ᠵᠢᠯ ᠤᠨ ᠲᠥᠯᠦᠪᠵᠢᠭᠦᠯᠭᠡ ᠳᠤ ᠡᠳᠡᠭᠡᠷ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠬᠢᠭᠤᠯᠵᠤ ᠴᠢᠳᠠᠬᠤ ᠶᠢ ᠪᠠᠲᠤᠯᠠᠬᠤ ᠪᠠᠷ ᠴᠢᠷᠮᠠᠶᠢᠵᠤ ᠪᠣᠢ᠃    ᠵᠠᠯᠭᠠᠭᠠᠳ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠭᠠᠨ ᠤ ᠭᠦᠨᠵᠡᠭᠡᠢ ᠠᠬᠢᠴᠠ ᠶᠢ ᠳᠠᠭᠠᠯᠳᠤᠨ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠴᠢᠭᠯᠡᠯ ᠪᠣᠯᠣᠨ ᠪᠠᠶᠢᠯᠳᠤᠬᠤ ᠪᠣᠳᠣᠯᠭ᠎ᠠ ᠤᠯᠠᠮ ᠲᠣᠳᠣᠷᠬᠠᠢ ᠪᠣᠯᠵᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠦᠷᠭᠦᠯᠵᠢᠯᠡᠨ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠡᠰ᠂ ᠠᠶᠢᠮᠠᠭ ᠤᠨ ᠲᠡᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠷᠢᠭᠤ ᠮᠡᠳᠡᠭᠦᠯᠦᠯᠲᠡ ᠬᠢᠵᠦ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ ᠪᠠᠶᠢᠨ᠎ᠠ᠃ ︽ᠠᠷᠪᠠᠨ ᠲᠠᠪᠤᠳᠤᠭᠠᠷ ᠲᠠᠪᠤᠨ ᠵᠢᠯ︾᠎ ᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠬᠠᠷᠠᠯᠲᠠ ᠶᠢᠨ ᠭᠦᠢᠴᠡᠳᠬᠡᠯ ᠲᠤᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠢᠨᠠᠷ ᠰᠠᠶᠢᠲᠠᠢ ᠣᠷᠣᠨ ᠪᠦᠰᠡ ᠶᠢᠨ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号