ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ | ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ | ᠲᠠᠰᠤᠷᠠᠯᠳᠡ ᠦᠭᠡᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ | ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠭᠰᠠᠭᠠᠷ ᠢᠷᠡᠵᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠷᠥᠰᠥ ᠶᠢ ᠰᠢᠮᠡᠵᠢᠭᠦᠯᠵᠦ᠂ ᠦᠨᠳᠦᠰᠦᠲᠡᠨ ᠤ | ᠪᠦᠯᠬᠦᠮᠳᠡᠯ ᠤᠨ ᠦᠷ᠎ᠡ ᠪᠦᠲᠦᠭᠡᠯ ᠢ ᠬᠠᠮᠲᠤᠪᠠᠷ ᠴᠣᠭᠴᠠᠯᠠᠪᠠ᠃ ᠪᠠᠷᠠᠭᠤᠨ ᠦᠵᠦᠮᠦᠴᠢᠨ ᠬᠤᠰᠢᠭᠤ ᠢᠮᠠᠭᠲᠠ | ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠵᠢᠯᠲᠠ ᠶᠢᠨ ᠴᠢᠬᠤᠯᠠ | ᠵᠦᠢᠯ ᠪᠣᠯᠭᠠᠵᠤ᠂ ᠦᠵᠦᠮᠦᠴᠢᠨ ᠬᠤᠨᠢ᠂ ᠴᠠᠭᠠᠨ ᠦᠬᠡᠷ᠂ ᠴᠠᠭᠠᠨ ᠠᠳᠤᠭᠤ᠂ ᠪᠠᠶᠢᠭᠠᠯᠢᠯᠢᠭ ᠡᠪᠡᠰᠦ ᠪᠡᠯᠴᠢᠭᠡᠷ᠂ | ᠠᠷᠠᠳ ᠤᠨ ᠵᠢᠭᠤᠯᠴᠢᠯᠠᠯ ᠤᠨ ᠦᠢᠯᠡᠰ ᠵᠡᠷᠭᠡ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ | ᠪᠤᠵᠠᠭᠠᠶᠢᠷᠠᠭᠤᠯᠬᠤ ᠶᠢᠨ ᠲᠣᠭᠤᠷᠢᠨ ᠳᠤ᠂ ᠲᠦᠮᠡᠨ ᠦᠬᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ᠂ ᠴᠠᠭᠠᠨ | ᠠᠳᠤᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠲᠡᠵᠢᠭᠡᠯ ᠡᠪᠡᠰᠦᠨ ᠤ ᠠᠵᠤ ᠦᠢᠯᠡᠰ ᠤᠨ | ᠬᠦᠷᠢᠶᠡᠯᠡᠩ ᠵᠡᠷᠭᠡ ᠶᠢ ᠪᠠᠶᠢᠭᠤᠯᠵᠤ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ | ᠵᠢᠭᠤᠯᠴᠢᠯᠠᠯ ᠤᠨ ᠨᠡᠷᠡᠲᠦ ᠲᠡᠮᠳᠡᠭ ᠢ ᠠᠯᠳᠠᠷᠰᠢᠭᠤᠯᠵᠤ᠂ ᠪᠦᠬᠦ ᠤᠯᠤᠰ ᠤᠨ ︽ᠨᠢᠭᠡ ᠰᠢᠶᠠᠩ ᠨᠢᠭᠡ | ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠵᠤ | ᠦᠢᠯᠡᠰ ᠤᠨ ᠬᠥᠭᠵᠢᠯᠲᠡ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠬᠥᠭᠵᠢᠭᠡᠵᠦ᠂ ᠦᠨᠳᠦᠰᠦᠲᠡᠨ | ᠨᠦᠭᠦᠳ ᠤᠨ ᠣᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠰᠠᠭᠤᠷᠢ ᠶᠢ ᠪᠠᠬᠢᠵᠢᠭᠦᠯᠪᠡ᠃ ︽ ᠮᠢᠩᠭᠠᠨ | ᠲᠣᠰᠣᠷᠬᠠᠨ ᠵᠢᠱᠢᠶ᠎ᠡ ᠦᠵᠡᠭᠦᠯᠵᠦ ᠲᠦᠮᠡ ᠲᠣᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠠᠮᠢᠳᠤᠯᠢᠭ | ᠢᠶᠠᠷ ᠰᠤᠷᠴᠤ ᠬᠡᠷᠡᠭᠯᠡᠨ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠠᠯᠵᠢᠬᠤ ᠣᠷᠣᠨ ᠤ ᠪᠣᠬᠢᠷ ᠤᠰᠤ | ᠬᠤᠭ ᠨᠣᠪᠰᠢ ᠶᠢ ᠰᠢᠢᠳᠪᠦᠷᠢᠯᠡᠬᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠢᠨᠵᠧᠨᠧᠷᠢᠩ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 1᠂ | ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 3 ᠶᠢ ᠴᠣᠭᠴᠠᠯᠠᠪᠠ᠃ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠲᠡᠳᠬᠦᠨ ᠳᠡᠮᠵᠢᠵᠦ ᠬᠥᠲᠥᠯᠥᠨ ᠳᠠᠭᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠨᠠᠮ ᠤᠨ ᠡᠭᠦᠷ | + ᠬᠤᠷᠰᠢᠶᠠᠵᠢᠯ + ᠮᠠᠯᠵᠢᠬᠤ ᠡᠷᠦᠬᠡ︾ ᠶᠢᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ 6000 ᠭᠠᠷᠤᠢ ᠲᠦᠮᠡᠨ | ᠲᠥᠭᠦᠷᠢᠭ ᠤᠨ ᠪᠡᠯᠡ ᠣᠷᠤᠭᠤᠯᠤᠨ 64 ᠲᠥᠷᠥᠯ ᠵᠦᠢᠯ ᠢ ᠬᠡᠷᠡᠭᠵᠢᠭᠦᠯᠵᠦ᠂ 2023 ᠣᠨ ᠳᠤ ᠪᠥᠬᠦ | ᠬᠤᠰᠢᠭᠤᠨ ᠤ 93 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 3331 ᠲᠦᠮᠡᠨ ᠲᠥᠭᠦᠷᠢᠭ ᠲᠤ | ᠬᠦᠷᠴᠦ᠂ 73% ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 20 ᠲᠦᠮᠡᠨ ᠲᠥᠭᠦᠷᠢᠭ ᠠᠴᠠ | ᠳᠡᠭᠡᠭᠰᠢ ᠬᠦᠷᠴᠦ᠂ ᠮᠠᠯᠴᠢᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ | 37774 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠳᠠᠰᠢ ᠬᠠᠮᠲᠤᠪᠠᠷ | ᠤᠷᠤᠭᠰᠢᠯᠠᠬᠤ ᠳᠤ ᠪᠣᠳᠠᠰ ᠤᠨ ᠰᠠᠭᠤᠷᠢ ᠶᠢ ᠪᠠᠲᠤᠳᠬᠠᠵᠤ᠂ ︽ᠠᠵᠤ ᠦᠢᠯᠡᠰ ᠤᠨ ᠬᠥᠭᠵᠢᠯ︾ ᠪᠠ ︽ᠠᠷᠠᠳ | ᠢᠷᠭᠡᠳ ᠤᠨ ᠪᠠᠶᠠᠵᠢᠯ︾ ᠤᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃ | ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ︽ᠰᠢᠨ᠎ᠡ ᠳᠦᠷᠰᠦ ᠪᠠᠶᠢᠳᠠᠯ︾ ᠢ ᠪᠢᠴᠢᠭᠯᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ | ᠪᠠᠶᠢᠭᠤᠯᠪᠠ᠃ ᠤᠯᠠᠭᠠᠨᠬᠠᠯᠠᠭ᠎ᠠ ᠰᠣᠮᠣᠨ ᠤ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾᠂ | ᠬᠤᠭᠤᠯᠠᠲᠤ ᠶᠢᠨ ᠭᠤᠣᠯ ᠪᠠᠯᠭᠠᠰᠤᠨ ᠤ ︽ᠡᠷᠦᠬᠡ ᠶᠢᠨ ᠴᠡᠷᠢᠭ ᠤᠨ ᠴᠠᠭᠠᠨ ᠮᠣᠷᠢᠲᠤ ᠰᠣᠮᠣ︾ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠭᠤᠷᠣᠬᠠᠨ | ᠪᠠᠯᠭᠠᠰᠤᠨ ᠤ ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ ᠣᠷᠳᠣᠨ ᠪᠣᠯᠣᠨ ᠪᠦᠬᠦ ᠬᠤᠰᠢᠭᠤᠨ ᠤ 93 | ᠭᠠᠴᠠᠭᠠᠨ ᠤ ︽ᠦᠨᠳᠦᠰᠦᠲᠡᠨ ᠤ ᠪᠦᠯᠬᠦᠮᠳᠡᠯ ᠤᠨ ᠭᠡᠷ︾᠂ ᠪᠣᠳᠠᠰ ᠤᠨ ᠪᠤᠰᠤ ᠰᠣᠶᠣᠯ ᠤᠨ ᠣᠷᠳᠣᠨ ᠵᠡᠷᠭᠡ | ᠤᠯᠠᠨ ᠲᠦᠮᠡᠨ ᠤ ᠳᠡᠷᠭᠡᠳᠡᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠤᠬᠠᠭᠤᠯᠭ᠎ᠠ ᠬᠥᠮᠦᠵᠢᠯ ᠤᠨ ᠹᠷᠦᠨᠲ ᠢ ᠴᠣᠭᠴᠠᠯᠠᠨ ᠪᠠᠶᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠢ | ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ᠂ ᠦᠯᠢᠭᠡᠷ ᠬᠤᠪᠢᠶᠠᠯᠴᠠᠬᠤ᠂ ᠬᠠᠷᠢᠯᠴᠠᠨ ᠰᠣᠯᠢᠯᠴᠠᠬᠤ ᠵᠡᠷᠭᠡ | ᠠᠵᠢᠯᠯᠠᠭ᠎ᠠ ᠶᠢ 490 ᠭᠠᠷᠤᠢ ᠲᠠᠯᠠᠪᠤᠷ ᠤᠳᠠᠭ᠎ᠠ ᠥᠷᠨᠢᠭᠦᠯᠵᠦ 6 ᠲᠦᠮᠡᠨ ᠬᠥᠮᠥᠨ ᠤᠳᠠᠭ᠎ᠠ ᠳᠤ ᠬᠠᠮᠤᠷᠤᠭᠤᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠪᠣᠯᠪᠠᠰᠤᠨ ᠢ | ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠪᠦᠬᠦ ᠶᠠᠪᠤᠴᠠ ᠳᠤ ᠠᠭᠤᠰᠤᠯᠴᠠᠭᠤᠯᠤᠨ᠂ ︽ᠬᠤᠪᠢ | ᠬᠤᠷᠠᠮᠳᠤᠭᠤᠯᠬᠤ ᠳᠦᠷᠢᠮ︾ ᠵᠡᠷᠭᠡ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠯᠢᠳᠡᠭ | ︽ᠲᠣᠰᠬᠤᠨ ᠤ ᠳᠦᠷᠢᠮ ᠠᠷᠠᠳ ᠤᠨ ᠭᠡᠷ᠎ᠡ︾᠂ ︽ᠬᠠᠮᠤᠭ ᠤᠨ ᠭᠤᠶᠣ ᠬᠥᠮᠥᠨ︾ ︽ᠦᠵᠡᠰᠬᠦᠯᠡᠩᠲᠦ | ᠰᠠᠶᠢᠬᠠᠨ ᠭᠡᠷ ᠣᠷᠣᠨ︾ ᠵᠡᠷᠭᠡ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠵᠦ᠂ ︽ᠠᠯᠲᠠᠨ | ᠬᠠᠶᠢᠷᠠᠭᠤᠴᠠᠢ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ︽ᠨᠣᠮ ᠲᠠᠢ ᠨᠤᠲᠤᠭ ᠦᠵᠦᠮᠦᠴᠢᠨ︾ | ᠪᠥᠬᠦ ᠠᠷᠠᠳ ᠢᠶᠠᠷ ᠢᠶᠠᠨ ᠨᠣᠮ ᠤᠩᠰᠢᠬᠤ᠂ ︽ᠮᠠᠨ ᠤ ᠪᠠᠶᠠᠷ ᠤᠨ ᠡᠳᠦᠷ︾᠂ ︽ᠤᠯᠠᠭᠠᠨᠮᠥ᠋ᠴᠢᠷ ᠲᠤ ᠪᠠᠶᠠᠷ | ᠪᠠᠶᠠᠰᠤᠯ ᠪᠠ ᠪᠣᠯᠪᠠᠰᠤᠨ ᠢ ᠬᠦᠷᠭᠡᠬᠦ︾ ᠵᠡᠷᠭᠡ ᠠᠷᠠᠳ ᠲᠤ ᠠᠰᠢᠭ ᠬᠦᠷᠲᠡᠭᠡᠬᠦ ᠰᠣᠶᠣᠯ ᠠᠵᠢᠯᠯᠠᠭ᠎ᠠ ᠨᠤᠭᠤᠳ ᠢ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠪᠠᠲᠤ | ᠪᠠᠬᠢ ᠣᠶᠤᠨ ᠰᠠᠨᠠᠭ᠎ᠠ ᠪᠠ ᠰᠣᠶᠣᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃ | ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠵᠠᠭᠪᠤᠷ︾ ᠢ ᠬᠥᠭᠵᠢᠭᠡᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠡᠳ᠋ᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ᠃ | ᠦᠨᠳᠦᠰᠦᠲᠡᠨ ᠤ ᠬᠡᠷᠡᠭ ᠶᠠᠪᠤᠳᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠨ ᠬᠠᠮᠲᠤᠪᠠᠷ ᠡᠳ᠋ᠯᠡᠬᠦ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠪᠦᠬᠦ ᠬᠤᠰᠢᠭᠤᠨ | ᠤ 7 ᠰᠤᠮᠤ ᠪᠠᠯᠭᠠᠰᠤᠨ ᠳᠤ ᠲᠤᠰᠬᠠᠢ ᠲᠤᠰᠢᠶᠠᠯᠲᠤ ᠨᠢᠭᠡᠳᠦᠮᠡᠯ ᠹᠷᠣᠨᠲ ᠤᠨ ᠭᠡᠰᠢᠭᠦᠨ ᠲᠣᠬᠢᠷᠠᠭᠤᠯᠵᠤ᠂ | ᠭᠠᠴᠠᠭᠠᠨ ᠤ ᠦᠨᠳᠦᠰᠦᠲᠡᠨ ᠤ ᠠᠵᠢᠯ ᠤᠨ 93 ᠬᠠᠷᠢᠯᠴᠠᠬᠤ ᠠᠵᠢᠯᠲᠠᠨ ᠭᠠᠷᠭᠠᠵᠤ᠂ ︽ᠦᠨᠳᠦᠰᠦᠲᠡᠨ ᠤ | ᠪᠦᠯᠬᠦᠮᠳᠡᠯ ᠤᠨ ᠥᠷᠥᠭᠡ︾ ︽ᠨᠢᠭᠡᠳᠦᠮᠡᠯ ᠹᠷᠣᠨᠲ ᠤᠨ ᠭᠡᠷ︾ ᠢ 99 ᠶᠢ ᠪᠠᠶᠢᠭᠤᠯᠵᠤ᠂ ᠠᠷᠠᠳ ᠤᠨ ᠰᠠᠨᠠᠭ᠎ᠠ ᠶᠢ | ᠴᠤᠭᠯᠠᠭᠤᠯᠬᠤ᠂ ᠠᠷᠠᠳ ᠤᠨ ᠪᠠᠶᠢᠳᠠᠯ ᠢ ᠶᠠᠷᠢᠯᠴᠠᠬᠤ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠤᠬᠠᠭᠤᠯᠬᠤ᠂ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠲᠣᠥᠷᠵᠢᠭᠤᠯᠤᠭᠰᠠᠨ | ᠦᠢᠯᠡᠴᠢᠯᠡᠭᠡᠨ ᠤ ᠵᠦᠢᠯᠡᠰ ᠢ 6 ᠶᠢ ᠲᠣᠭᠲᠠᠭᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ᠂ ᠨᠠᠮ ᠤᠨ | ᠭᠡᠰᠢᠭᠦᠨ ᠤ ᠭᠤᠣᠯᠳᠠᠯᠭᠠᠲᠤ ᠡᠷᠦᠬᠡ ᠵᠡᠷᠭᠡ ᠳᠥᠷᠪᠡᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠦᠨᠳᠦᠰᠦᠲᠡᠨ ᠤ ᠶᠠᠪᠤᠳᠠᠯ ᠢ ᠬᠠᠮᠢᠶᠠᠷᠬᠤ ᠬᠥᠮᠥᠨ ᠲᠠᠢ᠂ ᠭᠦᠢᠴᠡᠳᠬᠡᠬᠦ | ᠬᠥᠮᠥᠨ ᠲᠠᠢ ᠪᠠᠶᠢᠬᠤ ᠶᠢ ᠪᠠᠲᠤᠯᠠᠪᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠡᠶᠡᠳᠡᠭᠦᠯᠬᠦ ᠭᠡᠷ︾᠂ ︽ | ᠡᠶᠡᠳᠡᠭᠦᠯᠭᠡ ᠶᠢᠨ ᠨᠡᠭᠦᠳᠡᠯ ᠮᠣᠩᠭᠤᠯ ᠭᠡᠷ︾᠂ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠥᠨ︾ | ᠵᠡᠷᠭᠡ ᠣᠨᠴᠠᠯᠢᠭᠲᠤ ᠡᠶᠡᠳᠡᠭᠦᠯᠬᠦ ᠲᠣᠭᠲᠠᠴᠠ ᠳᠤ ᠲᠦᠰᠢᠭᠯᠡᠨ᠂ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠲᠦ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠪᠠ ᠠᠷᠠᠳ ᠲᠤ | ᠳᠦᠭᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ 187 ᠡᠩᠨᠡᠭᠡ᠂ 6000 | ᠭᠠᠷᠤᠢ ᠬᠥᠮᠥᠨ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ 7400 ᠭᠠᠷᠤᠢ ᠬᠤᠪᠢ | ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ | ᠦᠭᠡᠢ ᠨᠠᠪᠲᠠᠷᠡᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ ᠲᠠᠢ ᠭᠡᠷ ᠣᠷᠣᠨ ᠢ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠪᠡ᠃ | ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠳᠣᠲᠣᠨᠣ᠂ ᠰᠡᠳᠬᠢᠯ ᠨᠢᠭᠡᠳᠦᠨ | ᠳᠤᠮᠳᠠᠳᠤ ᠶᠢᠨ ᠬᠦᠰᠡᠯᠡᠩ ᠢ ᠬᠠᠮᠲᠤᠪᠠᠷ ᠲᠡᠷᠭᠡᠯᠰᠢᠭᠦᠯᠦᠨ᠎ᠡ︾᠃ ᠪᠠᠷᠠᠭᠤᠨ ᠦᠵᠦᠮᠦᠴᠢᠨ ᠬᠤᠰᠢᠭᠤ ︽ | ᠳᠤᠲᠠᠭᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ︾ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠰᠡᠯ ᠡᠷᠡᠮᠡᠯᠵᠡᠯ ᠢ ᠣᠶᠢᠯᠠᠭᠠᠨ | ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ | ᠦᠨᠳᠦᠰᠦᠲᠡᠨ ᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠪᠦᠲᠦᠮᠵᠢᠲᠡᠢ ᠵᠠᠮ ᠢ ᠨᠡᠭᠡᠭᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠷᠠᠳ ᠤᠯᠠᠨ | ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠵᠡᠢ᠃ |