ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠷᠥᠰᠥ ᠶᠢ ᠰᠢᠮᠡᠵᠢᠭᠦᠯᠵᠦ᠂ ᠦᠨᠳᠦᠰᠦᠲᠡᠨ ᠤ | ᠪᠦᠯᠬᠦᠮᠳᠡᠯ ᠤᠨ ᠦᠷ᠎ᠡ ᠪᠦᠲᠦᠭᠡᠯ ᠢ ᠬᠠᠮᠲᠤᠪᠠᠷ ᠴᠣᠭᠴᠠᠯᠠᠪᠠ᠃ ᠪᠠᠷᠠᠭᠤᠨ ᠦᠵᠦᠮᠦᠴᠢᠨ ᠬᠤᠰᠢᠭᠤ ᠢᠮᠠᠭᠲᠠ ᠠᠵᠤ | ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠵᠢᠯᠲᠠ ᠶᠢᠨ ᠴᠢᠬᠤᠯᠠ ᠵᠦᠢᠯ | ᠪᠣᠯᠭᠠᠵᠤ᠂ ᠦᠵᠦᠮᠦᠴᠢᠨ ᠬᠤᠨᠢ᠂ ᠴᠠᠭᠠᠨ ᠦᠬᠡᠷ᠂ ᠴᠠᠭᠠᠨ ᠠᠳᠤᠭᠤ᠂ ᠪᠠᠶᠢᠭᠠᠯᠢᠯᠢᠭ ᠡᠪᠡᠰᠦ ᠪᠡᠯᠴᠢᠭᠡᠷ᠂ ᠠᠷᠠᠳ ᠤᠨ | ᠵᠢᠭᠤᠯᠴᠢᠯᠠᠯ ᠤᠨ ᠦᠢᠯᠡᠰ ᠵᠡᠷᠭᠡ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠬᠤ ᠶᠢᠨ ᠲᠣᠭᠤᠷᠢᠨ ᠳᠤ᠂ | ᠲᠦᠮᠡᠨ ᠦᠬᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ᠂ ᠴᠠᠭᠠᠨ ᠠᠳᠤᠭᠤᠨ ᠤ ᠰᠣᠶᠣᠯ ᠤᠨ ᠠᠵᠤ ᠦᠢᠯᠡᠰ ᠤᠨ | ᠬᠦᠷᠢᠶᠡᠯᠡᠩ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠵᠡᠷᠭᠡ ᠶᠢ ᠪᠠᠶᠢᠭᠤᠯᠵᠤ᠂ ᠲᠠᠯ᠎ᠠ ᠨᠤᠲᠤᠭ ᠤᠨ ︽ | 99 ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠠᠯᠳᠠᠷᠰᠢᠭᠤᠯᠵᠤ᠂ ᠪᠦᠬᠦ ᠤᠯᠤᠰ ᠤᠨ ︽ᠨᠢᠭᠡ | ᠰᠢᠶᠠᠩ ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠵᠤ | ᠦᠢᠯᠡᠰ ᠤᠨ ᠬᠥᠭᠵᠢᠯᠲᠡ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠬᠥᠭᠵᠢᠭᠡᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠰᠠᠭᠤᠷᠢ ᠶᠢ ᠪᠠᠬᠢᠵᠢᠭᠦᠯᠪᠡ᠃ ︽ᠮᠢᠩᠭᠠᠨ ᠲᠣᠰᠣᠷᠬᠠᠨ ᠵᠢᠱᠢᠶ᠎ᠡ | ᠦᠵᠡᠭᠦᠯᠵᠦ ᠲᠦᠮᠡ ᠲᠣᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠠᠮᠢᠳᠤᠯᠢᠭ ᠢᠶᠠᠷ ᠰᠤᠷᠴᠤ ᠬᠡᠷᠡᠭᠯᠡᠨ᠂ ︽ | ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ᠂ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠠᠯᠵᠢᠬᠤ ᠣᠷᠣᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ᠂ | ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ | ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ 3᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 1᠂ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 3 ᠶᠢ | ᠴᠣᠭᠴᠠᠯᠠᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠡᠳᠬᠦᠨ ᠳᠡᠮᠵᠢᠵᠦ ᠬᠥᠲᠥᠯᠥᠨ ᠳᠠᠭᠠᠭᠤᠯᠬᠤ ᠠᠵᠢᠯᠯᠠᠭ᠎ᠠ | ᠶᠢ ᠬᠡᠷᠡᠭᠵᠢᠭᠦᠯᠵᠦ᠂ ︽ᠨᠠᠮ ᠤᠨ ᠡᠭᠦᠷ + ᠬᠤᠷᠰᠢᠶᠠᠵᠢᠯ + ᠮᠠᠯᠵᠢᠬᠤ ᠡᠷᠦᠬᠡ︾ ᠶᠢᠨ ᠵᠠᠭᠪᠤᠷ ᠢ ᠢᠳᠡᠪᠬᠢᠲᠡᠢ | ᠬᠡᠷᠡᠭᠵᠢᠭᠦᠯᠵᠦ᠂ 6000 ᠭᠠᠷᠤᠢ ᠲᠦᠮᠡᠨ ᠲᠥᠭᠦᠷᠢᠭ ᠤᠨ ᠪᠡᠯᠡ ᠣᠷᠤᠭᠤᠯᠤᠨ 64 ᠲᠥᠷᠥᠯ ᠵᠦᠢᠯ ᠢ ᠬᠡᠷᠡᠭᠵᠢᠭᠦᠯᠵᠦ᠂ | 2023 ᠣᠨ ᠳᠤ ᠪᠥᠬᠦ ᠬᠤᠰᠢᠭᠤᠨ ᠤ 93 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 3331 ᠲᠦᠮᠡᠨ | ᠲᠥᠭᠦᠷᠢᠭ ᠲᠤ ᠬᠦᠷᠴᠦ᠂ 73% ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 20 ᠲᠦᠮᠡᠨ ᠲᠥᠭᠦᠷᠢᠭ | ᠠᠴᠠ ᠳᠡᠭᠡᠭᠰᠢ ᠬᠦᠷᠴᠦ᠂ ᠮᠠᠯᠴᠢᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 37774 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠳᠠᠰᠢ ᠬᠠᠮᠲᠤᠪᠠᠷ ᠤᠷᠤᠭᠰᠢᠯᠠᠬᠤ ᠳᠤ ᠪᠣᠳᠠᠰ ᠤᠨ ᠰᠠᠭᠤᠷᠢ ᠶᠢ | ᠪᠠᠲᠤᠳᠬᠠᠵᠤ᠂ ︽ᠠᠵᠤ ᠦᠢᠯᠡᠰ ᠤᠨ ᠬᠥᠭᠵᠢᠯ︾ ᠪᠠ ︽ᠠᠷᠠᠳ ᠢᠷᠭᠡᠳ ᠤᠨ ᠪᠠᠶᠠᠵᠢᠯ︾ ᠤᠨ ᠬᠤᠶᠠᠷ | ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃ | ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ︽ᠰᠢᠨ᠎ᠡ ᠳᠦᠷᠰᠦ ᠪᠠᠶᠢᠳᠠᠯ︾ ᠢ ᠪᠢᠴᠢᠭᠯᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠪᠠ᠃ | ᠤᠯᠠᠭᠠᠨᠬᠠᠯᠠᠭ᠎ᠠ ᠰᠣᠮᠣᠨ ᠤ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾᠂ ᠬᠤᠭᠤᠯᠠᠲᠤ ᠶᠢᠨ ᠭᠤᠣᠯ | ᠪᠠᠯᠭᠠᠰᠤᠨ ᠤ ︽ᠡᠷᠦᠬᠡ ᠶᠢᠨ ᠴᠡᠷᠢᠭ ᠤᠨ ᠴᠠᠭᠠᠨ ᠮᠣᠷᠢᠲᠤ ᠰᠣᠮᠣ︾ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠭᠤᠷᠣᠬᠠᠨ ᠪᠠᠯᠭᠠᠰᠤᠨ ᠤ ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ | ᠣᠷᠳᠣᠨ ᠪᠣᠯᠣᠨ ᠪᠦᠬᠦ ᠬᠤᠰᠢᠭᠤᠨ ᠤ 93 ᠭᠠᠴᠠᠭᠠᠨ ᠤ ︽ᠦᠨᠳᠦᠰᠦᠲᠡᠨ ᠤ ᠪᠦᠯᠬᠦᠮᠳᠡᠯ ᠤᠨ ᠭᠡᠷ︾᠂ ᠪᠣᠳᠠᠰ ᠤᠨ | ᠪᠤᠰᠤ ᠰᠣᠶᠣᠯ ᠤᠨ ᠣᠷᠳᠣᠨ ᠵᠡᠷᠭᠡ ᠤᠯᠠᠨ ᠲᠦᠮᠡᠨ ᠤ ᠳᠡᠷᠭᠡᠳᠡᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠹᠷᠦᠨᠲ ᠢ ᠴᠣᠭᠴᠠᠯᠠᠨ ᠪᠠᠶᠢᠭᠤᠯᠵᠤ᠂ ᠨᠠᠮ ᠤᠨ ᠭᠡᠰᠢᠭᠦᠨ | ᠤᠯᠠᠨ ᠲᠦᠮᠡᠨ ᠢ ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ᠂ ᠦᠯᠢᠭᠡᠷ ᠬᠤᠪᠢᠶᠠᠯᠴᠠᠬᠤ᠂ ᠬᠠᠷᠢᠯᠴᠠᠨ | ᠰᠣᠯᠢᠯᠴᠠᠬᠤ ᠵᠡᠷᠭᠡ ᠠᠵᠢᠯᠯᠠᠭ᠎ᠠ ᠶᠢ 490 ᠭᠠᠷᠤᠢ ᠲᠠᠯᠠᠪᠤᠷ ᠤᠳᠠᠭ᠎ᠠ ᠥᠷᠨᠢᠭᠦᠯᠵᠦ 6 ᠲᠦᠮᠡᠨ ᠬᠥᠮᠥᠨ ᠤᠳᠠᠭ᠎ᠠ ᠳᠤ | ᠬᠠᠮᠤᠷᠤᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠪᠦᠬᠦ ᠶᠠᠪᠤᠴᠠ ᠳᠤ ᠠᠭᠤᠰᠤᠯᠴᠠᠭᠤᠯᠤᠨ᠂ ︽ | ᠬᠤᠪᠢ ᠬᠤᠷᠠᠮᠳᠤᠭᠤᠯᠬᠤ ᠳᠦᠷᠢᠮ︾ ᠵᠡᠷᠭᠡ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠯᠢᠳᠡᠭ | ︽ᠲᠣᠰᠬᠤᠨ ᠤ ᠳᠦᠷᠢᠮ ᠠᠷᠠᠳ ᠤᠨ ᠭᠡᠷ᠎ᠡ︾᠂ ︽ᠬᠠᠮᠤᠭ ᠤᠨ ᠭᠤᠶᠣ ᠬᠥᠮᠥᠨ︾ ︽ᠦᠵᠡᠰᠬᠦᠯᠡᠩᠲᠦ ᠰᠠᠶᠢᠬᠠᠨ ᠭᠡᠷ | ᠣᠷᠣᠨ︾ ᠵᠡᠷᠭᠡ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠵᠦ᠂ ︽ᠠᠯᠲᠠᠨ ᠬᠠᠶᠢᠷᠠᠭᠤᠴᠠᠢ︾ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ︽ᠨᠣᠮ ᠲᠠᠢ ᠨᠤᠲᠤᠭ ᠦᠵᠦᠮᠦᠴᠢᠨ︾ ᠪᠥᠬᠦ ᠠᠷᠠᠳ ᠢᠶᠠᠷ ᠢᠶᠠᠨ ᠨᠣᠮ | ᠤᠩᠰᠢᠬᠤ᠂ ︽ᠮᠠᠨ ᠤ ᠪᠠᠶᠠᠷ ᠤᠨ ᠡᠳᠦᠷ︾᠂ ︽ᠤᠯᠠᠭᠠᠨᠮᠥ᠋ᠴᠢᠷ ᠲᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ | ᠵᠡᠷᠭᠡ ᠠᠷᠠᠳ ᠲᠤ ᠠᠰᠢᠭ ᠬᠦᠷᠲᠡᠭᠡᠬᠦ ᠰᠣᠶᠣᠯ ᠠᠵᠢᠯᠯᠠᠭ᠎ᠠ ᠨᠤᠭᠤᠳ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠪᠠᠲᠤ ᠪᠠᠬᠢ ᠣᠶᠤᠨ ᠰᠠᠨᠠᠭ᠎ᠠ ᠪᠠ ᠰᠣᠶᠣᠯ ᠤᠨ ᠰᠠᠭᠤᠷᠢ ᠶᠢ | ᠲᠠᠯᠪᠢᠭᠰᠠᠨ ᠪᠠᠶᠢᠨ᠎ᠠ᠃ | ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠵᠠᠭᠪᠤᠷ︾ ᠢ ᠬᠥᠭᠵᠢᠭᠡᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠡᠳ᠋ᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ᠃ ᠦᠨᠳᠦᠰᠦᠲᠡᠨ ᠤ | ᠬᠡᠷᠡᠭ ᠶᠠᠪᠤᠳᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠨ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠪᠠᠶᠢᠷᠢᠰᠢᠯ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ 7 ᠰᠤᠮᠤ ᠪᠠᠯᠭᠠᠰᠤᠨ ᠳᠤ | ᠲᠤᠰᠬᠠᠢ ᠲᠤᠰᠢᠶᠠᠯᠲᠤ ᠨᠢᠭᠡᠳᠦᠮᠡᠯ ᠹᠷᠣᠨᠲ ᠤᠨ ᠭᠡᠰᠢᠭᠦᠨ ᠲᠣᠬᠢᠷᠠᠭᠤᠯᠵᠤ᠂ ᠭᠠᠴᠠᠭᠠᠨ ᠤ ᠦᠨᠳᠦᠰᠦᠲᠡᠨ ᠤ ᠠᠵᠢᠯ ᠤᠨ | 93 ᠬᠠᠷᠢᠯᠴᠠᠬᠤ ᠠᠵᠢᠯᠲᠠᠨ ᠭᠠᠷᠭᠠᠵᠤ᠂ ︽ᠦᠨᠳᠦᠰᠦᠲᠡᠨ ᠤ ᠪᠦᠯᠬᠦᠮᠳᠡᠯ ᠤᠨ ᠥᠷᠥᠭᠡ︾ ︽ᠨᠢᠭᠡᠳᠦᠮᠡᠯ ᠹᠷᠣᠨᠲ ᠤᠨ | ᠭᠡᠷ︾ ᠢ 99 ᠶᠢ ᠪᠠᠶᠢᠭᠤᠯᠵᠤ᠂ ᠠᠷᠠᠳ ᠤᠨ ᠰᠠᠨᠠᠭ᠎ᠠ ᠶᠢ ᠴᠤᠭᠯᠠᠭᠤᠯᠬᠤ᠂ ᠠᠷᠠᠳ ᠤᠨ ᠪᠠᠶᠢᠳᠠᠯ ᠢ ᠶᠠᠷᠢᠯᠴᠠᠬᠤ ᠪᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ | ᠬᠠᠮᠢᠶᠠᠷᠤᠯᠲᠠ ᠵᠡᠷᠭᠡ ᠲᠣᠥᠷᠵᠢᠭᠤᠯᠤᠭᠰᠠᠨ ᠦᠢᠯᠡᠴᠢᠯᠡᠭᠡᠨ ᠤ ᠵᠦᠢᠯᠡᠰ ᠢ 6 ᠶᠢ ᠲᠣᠭᠲᠠᠭᠠᠵᠤ᠂ ᠬᠤᠰᠢᠭᠤ᠂ ᠰᠤᠮᠤ | ᠪᠠᠯᠭᠠᠰᠤ᠂ ᠭᠠᠴᠠᠭ᠎ᠠ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠵᠡᠷᠭᠡ ᠳᠥᠷᠪᠡᠨ ᠱᠠᠲᠤᠨ ᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠦᠨᠳᠦᠰᠦᠲᠡᠨ ᠤ ᠶᠠᠪᠤᠳᠠᠯ ᠢ ᠬᠠᠮᠢᠶᠠᠷᠬᠤ | ᠬᠥᠮᠥᠨ ᠲᠠᠢ᠂ ᠭᠦᠢᠴᠡᠳᠬᠡᠬᠦ ᠬᠥᠮᠥᠨ ᠲᠠᠢ ᠪᠠᠶᠢᠬᠤ ᠶᠢ ᠪᠠᠲᠤᠯᠠᠪᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ | ᠡᠶᠡᠳᠡᠭᠦᠯᠬᠦ ᠭᠡᠷ︾᠂ ︽ᠡᠶᠡᠳᠡᠭᠦᠯᠭᠡ ᠶᠢᠨ ᠨᠡᠭᠦᠳᠡᠯ ᠮᠣᠩᠭᠤᠯ ᠭᠡᠷ︾᠂ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ | ᠮᠡᠷᠭᠡᠨ ᠬᠥᠮᠥᠨ︾ ᠵᠡᠷᠭᠡ ᠣᠨᠴᠠᠯᠢᠭᠲᠤ ᠡᠶᠡᠳᠡᠭᠦᠯᠬᠦ ᠲᠣᠭᠲᠠᠴᠠ ᠳᠤ ᠲᠦᠰᠢᠭᠯᠡᠨ᠂ ᠵᠢᠭᠤᠷᠠᠯᠳᠤᠭᠠᠨ ᠢ ᠰᠢᠢᠳᠪᠦᠷᠢᠯᠡᠬᠦ | ᠣᠯᠠᠨ ᠡᠰᠢᠲᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠪᠠ | ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ 187 ᠡᠩᠨᠡᠭᠡ᠂ | 6000 ᠭᠠᠷᠤᠢ ᠬᠥᠮᠥᠨ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ 7400 ᠭᠠᠷᠤᠢ ᠬᠤᠪᠢ | ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ | ᠨᠠᠪᠲᠠᠷᠡᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ ᠲᠠᠢ ᠭᠡᠷ ᠣᠷᠣᠨ ᠢ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠪᠡ᠃ |