11 ᠰᠠᠷ᠎ᠠ ᠶᠢᠨ 24 ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠤᠭᠠᠳᠤ ᠬᠤᠷᠠᠯ ︽ᠡᠨᠡᠷᠢᠩᠭᠦᠢ | ᠠᠨᠢᠶ᠎ᠠ︾ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠠᠭᠠᠭᠠᠴᠢᠯᠠᠨ ᠲᠡᠮᠵᠢᠵᠤ ᠬᠠᠯᠠᠮᠵᠢᠯᠠᠨ ᠬᠠᠶᠢᠷᠠᠯᠠᠬᠤ | ᠭᠤᠷᠪᠠᠨ ᠵᠢᠯ ᠤᠨ ᠠᠵᠢᠯᠯᠠᠭ᠎ᠠ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠬᠤᠰᠢᠭᠤ ᠣᠷᠣᠨ ᠲᠣᠭᠠᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠰᠢᠭᠤ ᠵᠡᠮᠳᠡᠭᠴᠦᠳ ᠤᠨ ᠬᠤᠯᠪᠣᠭ᠎ᠠ᠂ ᠬᠤᠰᠢᠭᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠢᠷ ᠤᠨ ᠭᠤᠤᠯ ᠪᠠᠯᠭᠠᠰᠤ ᠵᠡᠷᠭᠡ ᠪᠠᠶᠢᠭᠤᠯᠭ᠎ᠠ | ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ | ᠬᠤᠷᠠᠯ ᠤᠨ ᠪᠠᠶᠢᠩᠭᠤ ᠶᠢᠨ ᠳᠡᠳ᠋ ᠱᠦᠵᠢ᠂ ᠬᠡᠰᠡᠭ ︽ᠡᠨᠡᠷᠢᠩᠭᠦᠢ ᠠᠨᠢᠶ᠎ᠠ︾ ᠶᠢᠨ ᠲᠥᠯᠥᠭᠡᠯᠡᠭᠴᠢ ᠵᠢᠴᠢ ᠬᠡᠰᠡᠭ | ᠭᠡᠷ ᠤᠨ ᠠᠬᠠᠮᠠᠳ᠂ ᠬᠡᠦᠬᠡᠳ ᠨᠡᠶᠢᠲᠡ 150 ᠬᠥᠮᠥᠨ ᠬᠤᠷᠠᠯ ᠳᠤ ᠣᠷᠣᠯᠴᠠᠵᠠᠢ᠃ | ᠬᠤᠷᠠᠯ ᠤᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠡᠩ ᠲᠡᠷᠢᠭᠦᠨ ᠳᠤ | ᠤᠷᠢᠯᠭ᠎ᠠ ᠶᠢᠨ ᠪᠢᠴᠢᠭ ᠣᠯᠭᠤᠬᠤ ᠪᠠ ᠲᠤᠭ ᠣᠯᠭᠤᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠡᠯᠰᠡᠭᠰᠡᠨ ︽ | ᠡᠨᠡᠷᠢᠩᠭᠦᠢ ᠠᠨᠢᠶ᠎ᠠ︾ ᠶᠢᠨ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠪᠥᠭᠡᠳ 10 ︽ | ᠡᠨᠡᠷᠢᠩᠭᠦᠢ ᠠᠨᠢᠶ᠎ᠠ︾ ᠶᠢᠨ ᠪᠦᠯᠬᠦᠮ ᠳᠤ ᠲᠤᠭ ᠭᠠᠷᠳᠠᠭᠤᠯᠵᠠᠢ᠂ ᠡᠨᠡ ᠨᠢ ᠲᠡᠳᠡᠨ ᠤ ᠬᠠᠶᠢᠷ᠎ᠠ ᠬᠠᠯᠠᠮᠵᠢ ᠪᠠᠨ | ᠬᠠᠷᠠᠮ ᠦᠭᠡᠢ ᠵᠤᠷᠢᠭᠤᠯᠤᠭᠰᠠᠨ ᠳᠤ ᠲᠠᠯᠠᠷᠬᠠᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠬᠤᠵᠢᠮ ᠬᠤᠶᠢᠰᠢᠲᠠ | ᠶᠢᠨ ᠬᠠᠶᠢᠷ᠎ᠠ ᠬᠠᠯᠠᠮᠵᠢ ᠬᠦᠷᠳᠡᠬᠡᠬᠦ ᠠᠵᠢᠯᠯᠠᠭ᠎ᠠ ᠶᠢ ᠨᠢ ᠤᠷᠮᠠᠰᠢᠭᠤᠯᠤᠨ ᠵᠣᠷᠢᠭᠵᠢᠭᠤᠯᠵᠤ ᠪᠠᠶᠢᠭ᠎ᠠ ᠶᠠᠪᠤᠳᠠᠯ | ᠪᠣᠯᠣᠨ᠎ᠠ᠃ ᠡᠭᠦᠨ ᠤ ᠬᠠᠮᠲᠤ᠂ ᠬᠤᠷᠠᠯ ᠠᠴᠠ ᠪᠠᠰᠠ 2024 ᠣᠨ ᠤ ᠪᠥᠬᠦ ᠬᠤᠰᠢᠭᠤᠨ ᠤ ︽ᠬᠠᠮᠤᠭ ᠤᠨ | ᠭᠤᠶᠤ ᠡᠨᠡᠷᠢᠩᠭᠦᠢ ᠠᠨᠢᠶ᠎ᠠ︾ ᠶᠢ ᠬᠥᠬᠢᠭᠦᠯᠦᠨ ᠰᠠᠶᠢᠰᠢᠶᠠᠪᠠ᠂ ᠲᠠᠳᠠ ᠪᠣᠳᠠᠲᠤ ᠠᠵᠢᠯᠯᠠᠭ᠎ᠠ ᠪᠠᠷ ᠢᠶᠠᠨ ᠪᠤᠰᠤᠳ ᠲᠤ | ᠬᠠᠯᠠᠮᠵᠢ ᠬᠠᠶᠢᠷ᠎ᠠ ᠬᠦᠷᠳᠡᠭᠡᠨ᠂ ᠦᠢ ᠣᠯᠠᠨ ᠬᠥᠮᠥᠰ ᠲᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠲᠤᠬᠠᠢ ᠶᠢᠨ ᠲᠠᠯᠠᠪᠤᠷ ᠲᠤ 42 ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠠᠪᠤᠷᠠᠨ | ᠲᠤᠰᠠᠯᠠᠬᠤ ᠮᠥᠩᠭᠦ ᠣᠯᠭᠤᠵᠤ᠂ ᠬᠡᠦᠬᠡᠳ ᠤᠳ ᠲᠤ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠬᠦᠷᠭᠡᠭᠰᠡᠨ | ᠪᠠᠶᠢᠨ᠎ᠠ᠃ | ᠬᠤᠷᠠᠯ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ︽ᠪᠠᠷᠠᠭᠤᠨ ᠦᠵᠦᠮᠦᠴᠢᠨ | ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ︽ᠡᠨᠡᠷᠢᠩᠭᠦᠢ ᠠᠨᠢᠶ᠎ᠠ︾ ᠶᠢᠨ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ᠪᠠ ︽ | ᠪᠠᠷᠠᠭᠤᠨ ᠦᠵᠦᠮᠦᠴᠢᠨ ᠬᠤᠰᠢᠭᠤᠨ ᠤ ︽ ᠡᠨᠡᠷᠢᠩᠭᠦᠢ ᠠᠨᠢᠶ᠎ᠠ︾ ᠶᠢᠨ ᠬᠤᠪᠢ ᠬᠤᠷᠠᠮᠳᠤᠭᠤᠯᠬᠤ ᠳᠦᠷᠢᠮ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠷᠢᠨ ᠤᠯᠠᠮᠵᠢᠯᠠᠭᠰᠠᠨ ᠤ ᠬᠠᠮᠲᠤ ᠬᠡᠷᠡᠭᠵᠢᠭᠦᠯᠬᠦ | ᠲᠥᠰᠥᠯ ᠤᠨ ᠠᠭᠤᠯᠭ᠎ᠠ ᠳᠤ ᠭᠦᠨᠵᠡᠭᠡᠢ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠳ ᠲᠤ ᠢᠷᠡᠭᠡᠳᠦᠢ ᠶᠢᠨ | ᠭᠤᠷᠪᠠᠨ ᠵᠢᠯ ᠤᠨ ᠬᠠᠯᠠᠮᠵᠢ ᠶᠢᠨ ᠠᠵᠢᠯᠯᠠᠭ᠎ᠠ ᠳᠤ ᠨᠠᠩ ᠲᠣᠳᠣᠷᠬᠠᠢ ᠬᠠᠷᠠᠯᠲᠠ ᠪᠠ ᠴᠢᠭᠯᠡᠯ ᠲᠠᠢ ᠪᠣᠯᠭᠠᠵᠠᠢ᠃ | ᠡᠭᠦᠨ ᠤ ᠬᠠᠮᠳᠤ ᠪᠥᠬᠦ ᠬᠤᠰᠢᠭᠤᠨ ᠤ ᠲᠠᠷᠠᠭᠠᠴᠢ ᠶᠢᠨ ᠠᠯᠬᠤᠮ ᠤᠨ ︽ᠡᠨᠡᠷᠢᠩᠭᠦᠢ ᠠᠨᠢᠶ᠎ᠠ︾ ᠶᠢᠨ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠪᠥᠬᠦ ᠲᠠᠯ᠎ᠠ ᠪᠠᠷ ᠨᠠᠷᠢᠨ ᠨᠢᠮᠪᠠᠢ | ᠲᠣᠬᠢᠷᠠᠭᠤᠯᠤᠨ ᠪᠠᠶᠢᠷᠢᠯᠠᠭᠤᠯᠪᠠ᠃ | ᠲᠠᠷᠠᠭᠠᠴᠢ ᠵᠢᠨᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ | ᠬᠤᠷᠠᠯ ᠤᠨ ᠬᠢᠨ ︽ᠡᠨᠡᠷᠢᠩᠭᠦᠢ ᠠᠨᠢᠶ᠎ᠠ︾ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠠᠭᠠᠭᠠᠴᠢᠯᠠᠨ | ᠲᠡᠮᠵᠢᠵᠤ ᠬᠠᠯᠠᠮᠵᠢᠯᠠᠨ ᠬᠠᠶᠢᠷᠠᠯᠠᠬᠤ ᠭᠤᠷᠪᠠᠨ ᠵᠢᠯ ᠤᠨ ᠠᠵᠢᠯᠯᠠᠭ᠎ᠠ ᠶᠢ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠵᠤ | ᠂ ︽ᠭᠡᠷ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠢᠨᠵᠧᠨᠧᠷᠢᠩ︾ ᠢ ᠭᠦᠨᠵᠡᠭᠡᠶᠢᠷᠡᠭᠦᠯᠬᠦ᠂ | ᠡᠮᠡᠭᠲᠡᠶᠢᠴᠦᠳ ᠤᠨ ᠭᠡᠷ ᠪᠦᠯᠢ ᠲᠤ ᠦᠢᠯᠡᠴᠢᠯᠡᠬᠦ ᠠᠵᠢᠯᠯᠠᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ | ᠨᠠᠷᠢᠨ ᠨᠢᠮᠪᠠᠢ ᠲᠥᠯᠥᠪᠯᠡᠨ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠮᠲᠤᠪᠠᠷ ᠬᠠᠯᠠᠮᠵᠢᠯᠠᠨ ᠬᠠᠶᠢᠷᠠᠯᠠᠬᠤ ᠶᠢᠨ ᠬᠠᠮᠲᠤ᠂ ︽ᠡᠨᠡᠷᠢᠩᠭᠦᠢ ᠠᠨᠢᠶ᠎ᠠ︾ ᠶᠢᠨ ᠦᠢᠯᠡᠴᠢᠯᠡᠭᠡᠨ ᠤ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠳᠠᠭᠠᠭᠤᠯᠬᠤ᠂ ᠡᠷᠡᠭᠦᠯ | ᠮᠡᠨᠳᠤ ᠶᠢ ᠬᠠᠯᠠᠮᠵᠢᠯᠠᠬᠤ᠂ ᠬᠦᠴᠢᠷᠳᠡᠯ ᠢ ᠬᠠᠪᠰᠤᠷᠬᠤ ᠵᠡᠷᠭᠡ ᠤᠯᠠᠨ ᠲᠠᠯ᠎ᠠ ᠠᠴᠠ ᠭᠠᠷᠳᠠᠵᠤ᠂ ᠪᠦᠬᠦ ᠨᠡᠶᠢᠭᠡᠮ | ᠢᠶᠠᠷ ᠢᠶᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠪᠤᠯᠤᠨ᠎ᠠ᠃ |