ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠳᠤᠭᠠᠳᠤ ᠦᠨᠳᠦᠰᠦᠳᠡᠨ ᠤ | ᠤᠯᠠᠮᠵᠢᠯᠠᠯᠳᠤ ᠪᠡᠶ᠎ᠡ ᠳᠠᠮᠢᠷ ᠤᠨ ᠴᠤᠭᠯᠠᠭᠠᠨ ᠨᠢ 11 ᠰᠠᠷ᠎ᠠ ᠶᠢᠨ 22 ᠠᠴᠠ ᠬᠠᠶᠢᠨᠠᠨ ᠮᠤᠵᠢ ᠶᠢᠨ ᠰᠠᠨᠶᠠ ᠬᠤᠳᠠ | ᠳᠤ ᠶᠠᠪᠤᠭᠳᠠᠵᠦ ᠡᠬᠢᠯᠡᠭᠰᠠᠨ ᠪᠠᠶᠢᠨ᠎ᠠ᠃ | | | ᠦᠨᠳᠦᠰᠦᠳᠡᠨ ᠤ ᠪᠦᠭᠡ ᠶᠢᠨ ᠪᠠᠷᠢᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠴᠠᠭᠠᠨᠵᠠᠨᠠ᠂ | ᠰᠠᠨᠢᠴᠢᠷ᠂ ᠴᠡᠩᠭᠡᠯᠪᠠᠶᠠᠷ᠂ ᠤᠶᠤᠨᠴᠡᠴᠡᠭ ︵ᠡᠮᠡᠭᠳᠡᠢ︶ ᠵᠡᠷᠭᠡ ᠪᠦᠭᠡᠴᠤᠳ ᠪᠦᠭᠡ ︵ᠦᠪᠦᠷ ᠮᠤᠩᠭᠤᠯ ᠪᠦᠭᠡ︶ | ᠳᠤ ᠪᠠᠷᠢᠯᠳᠤᠬᠤ ᠪᠤᠯᠤᠨ᠎ᠠ᠃ | | ᠪᠦᠬᠦ ᠤᠯᠤᠰ ᠤᠨ ᠴᠦᠭᠡᠨ ᠳᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠳᠠᠮᠢᠷ ᠤᠨ ᠴᠤᠭᠯᠠᠭᠠᠨ | ᠨᠢ 1953 ᠤᠨ ᠳᠤ ᠠᠩᠬ᠎ᠠ ᠵᠤᠬᠢᠶᠠᠨ ᠪᠠᠶᠢᠭᠤᠯᠤᠭᠰᠠᠨ ᠪᠦᠬᠦ ᠤᠯᠤᠰ ᠤᠨ ᠦᠨᠳᠦᠰᠦᠳᠡᠨ ᠤ ᠮᠠᠶ᠋ᠢᠭ ᠤᠨ ᠪᠡᠶ᠎ᠡ | ᠶᠢᠨ ᠳᠠᠮᠢᠷ ᠤᠨ ᠦᠵᠡᠬᠦᠯᠭᠡ ᠪᠤᠯᠤᠨ ᠳᠡᠮᠡᠴᠡᠭᠡᠨ ᠤ ᠶᠡᠭᠡ ᠴᠤᠭᠯᠠᠭᠠᠨ ᠤ ᠰᠠᠭᠤᠷᠢᠨ ᠳᠡᠭᠡᠷ᠎ᠡ ᠬᠦᠭᠵᠢᠵᠦ ᠢᠷᠡᠭᠰᠡᠨ | ᠶᠤᠮ᠃ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠤᠯᠤᠰ ᠤᠨ ᠪᠠᠶ᠎ᠡ ᠶᠢᠨ ᠳᠠᠮᠢᠷ ᠤᠨ ᠶᠡᠷᠦᠩᠭᠡᠢ | ᠳᠤᠪᠴᠢᠶ᠎ᠠ ᠭᠤᠤᠯᠯᠠᠨ ᠡᠷᠬᠢᠯᠡᠵᠦ᠂ ᠡᠯ᠎ᠡ ᠮᠤᠵᠢ᠂ ᠦᠪᠡᠷᠳᠡᠭᠡᠨ ᠵᠠᠰᠠᠨᠬᠤ ᠤᠷᠤᠨ᠂ ᠰᠢᠭᠤᠳ ᠬᠠᠷᠢᠶ᠎ᠠ ᠬᠤᠳᠠ | ᠶᠢᠨ ᠵᠠᠰᠠᠭ ᠤᠨ ᠤᠷᠳᠤᠨ ᠬᠠᠮᠵᠢᠨ ᠡᠷᠬᠢᠯᠡᠵᠦ᠂ 4 ᠵᠢᠯ ᠳᠤ ᠨᠢᠭᠡ ᠤᠳᠠᠭ᠎ᠠ ᠡᠷᠬᠢᠯᠡᠨ ᠶᠠᠪᠤᠭᠳᠠᠭᠤᠯᠳᠠᠭ ᠮᠠᠨ ᠤ | ᠤᠯᠤᠰ ᠤᠨ ᠴᠦᠭᠡᠨ ᠳᠤᠭᠠᠳᠤ ᠦᠨᠳᠦᠰᠤᠳᠡᠨ ᠤ ᠪᠡᠶ᠎ᠡ ᠶᠢᠨ ᠳᠠᠮᠢᠷ ᠤᠨ ᠵᠤᠷᠢᠭ ᠰᠠᠨᠠᠭ᠎ᠠ᠂ ᠴᠤᠭ ᠵᠢᠪᠬᠤᠭ᠎ᠠ ᠂ | ᠤᠷ᠎ᠠ ᠴᠢᠳᠠᠪᠤᠷᠢ ᠶᠢ ᠬᠠᠷᠠᠭᠤᠯᠤᠭᠰᠠᠨ ᠴᠢᠬᠤᠯᠠ ᠳᠡᠮᠡᠴᠡᠭᠡᠨ ᠪᠤᠯᠬᠤ ᠶᠤᠮ᠃ | ᠡᠨᠡ ᠤᠳᠠᠭᠠᠨ ᠤ ᠴᠤᠭᠯᠠᠭᠠᠨ ᠳᠤ 18 ᠲᠦᠷᠦᠯ ᠤᠨ ᠤᠷᠤᠯᠳᠤᠭᠠᠨ ᠳᠤ ᠪᠦᠬᠦ ᠤᠯᠤᠰ ᠡᠯ᠎ᠡ ᠭᠠᠵᠠᠷ | ᠤᠷᠤᠨ ᠠᠴᠠ ᠬᠦᠷᠦᠯᠴᠡᠨ ᠢᠷᠡᠭᠰᠡᠨ ᠳᠠᠮᠢᠷᠴᠢᠳ 7 ᠡᠳᠦᠷ ᠤᠨ ᠳᠤᠷᠰᠢ ᠦᠷᠢᠰᠦᠯᠳᠦᠬᠦ ᠪᠦᠭᠡᠳ ᠦᠵᠡᠬᠦᠯᠭᠡ | ᠶᠢᠨ ᠶᠡᠷᠦᠩᠭᠡᠢ ᠭᠤᠷᠪᠠᠨ ᠲᠦᠷᠦᠯ ᠳᠤ ᠤᠷᠤᠯᠴᠠᠬᠤ ᠪᠤᠯᠤᠨ᠎ᠠ᠃ | | | |