ᠠᠩᠬᠠᠨ ᠤ ᠴᠠᠰᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠨᠦᠯᠦᠭᠡ ᠦᠵᠡᠬᠦᠯᠦᠭᠰᠡᠨ ᠤᠤ
ᠨᠡᠶᠢᠲᠡᠯᠡᠭᠰᠡᠨ ᠴᠠᠭ᠄
2024/11/27
   11 ᠰᠠᠷ᠎ᠠ ᠶᠢᠨ 24᠎ ᠤ ᠤᠷᠤᠢ ᠠᠴᠠ 25᠎ ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ  ᠬᠤᠰᠢᠭᠤᠨ ᠳᠤ ᠬᠦᠢᠳᠡᠨ ᠠᠭᠠᠷ ᠤᠨ ᠨᠦᠯᠦᠭᠡᠯᠡᠯ ᠢᠶᠠᠷ ᠴᠠᠰᠤ ᠣᠷᠤᠵᠤ᠂ ᠦᠵᠦᠮᠦᠴᠢᠨ ᠨᠤᠳᠤᠭ ᠮᠠᠨᠢ  ᠮᠦᠩᠭᠦᠨ ᠴᠠᠭᠠᠨ ᠦᠩᠭᠡ ᠪᠠᠷ ᠬᠤᠴᠢᠭᠳᠠᠯ᠎ᠠ᠃      ᠲᠤᠰ ᠤᠳᠠᠭᠠᠨ ᠤ ᠴᠠᠰᠤ ᠨᠢ ᠬᠡᠳᠦᠶᠢᠪᠡᠷ ᠵᠠᠮ ᠬᠠᠷᠢᠯᠴᠠᠭᠠᠨ ᠳᠤ ᠵᠤᠬᠢᠬᠤ ᠬᠡᠮᠵᠢᠶᠡᠨ ᠤ ︽ᠲᠦᠭᠵᠢᠷᠡᠯ︾ ᠤᠴᠠᠷᠠᠭᠤᠯᠤᠭᠰᠠᠨ ᠪᠣᠯᠪᠠᠴᠤ ᠮᠠᠯᠵᠢᠬᠤ ᠣᠷᠣᠨ ᠤ ᠮᠠᠯᠴᠢᠳ ᠤᠨ ᠬᠡᠪ ᠤᠨ  ᠦᠢᠯᠡᠳᠪᠦᠷᠢᠯᠡᠯ ᠠᠮᠢᠳᠤᠷᠠᠯ ᠳᠤ ᠲᠡᠮᠡᠢ ᠶᠡᠭᠡ ᠨᠦᠯᠦᠭᠡ ᠦᠵᠡᠬᠦᠯᠦᠭᠰᠡᠨ ᠦᠭᠡᠢ ᠶᠤᠮ᠃    11 ᠰᠠᠷ᠎ᠠ ᠶᠢᠨ 25᠎ ᠤ ᠡᠲᠦᠷ᠂ ᠰᠤᠷᠪᠤᠯᠵᠢᠯᠠᠭᠴᠢ ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠬᠤᠰᠢᠭᠤ ᠭᠠᠴᠠᠭᠠᠨ ᠤ ᠮᠠᠯᠴᠢᠨ ᠰᠤᠶᠤᠯᠪᠠᠭᠠᠲᠤᠷ ᠤᠨ ᠳᠤ ᠬᠦᠷᠬᠦ ᠳᠤ ᠲᠡᠷᠡ ᠶᠠᠭ ᠰᠠᠶᠢᠬᠠᠨ ᠤᠨᠠᠭ᠎ᠠ ᠨᠤᠭᠤᠳ ᠢᠶᠠᠨ ᠡᠪᠡᠰᠦᠯᠡᠵᠦ ᠪᠠᠶᠢᠭ᠎ᠠ ᠲᠠᠢ ᠲᠠᠭᠠᠷᠠᠯᠳᠤᠯ᠎ᠠ᠃ ᠴᠠᠰᠤ ᠤᠷᠤᠭᠰᠠᠨ ᠠᠴᠠ ᠬᠡᠷᠡᠮ ᠬᠠᠰᠢᠶ᠎ᠠ ᠪᠠᠷ ᠨᠢ ᠴᠠᠰᠤ ᠬᠤᠷᠠᠵᠤ᠂ ᠠᠵᠢᠯ ᠶᠡᠭᠡᠲᠠᠢ ᠪᠠᠶᠢᠭᠰᠠᠨ ᠴᠦ ᠠᠩᠬᠠᠨ ᠤ ᠴᠠᠰᠤᠨ ᠤ ᠰᠢᠮ᠎ᠡ ᠪᠠᠷ ᠬᠦᠷᠦᠰᠦ ᠰᠢᠷᠤᠢ ᠮᠠᠯ ᠤᠨᠤᠭ᠎ᠠ ᠨᠢ ᠤᠮᠳᠠᠯᠠᠭᠳᠠᠯ᠎ᠠ ᠬᠡᠮᠡᠨ ᠶᠡᠭᠡᠯᠡ ᠪᠠᠶᠠᠷᠲᠠᠢ   ᠪᠠᠶᠢᠯ᠎ᠠ᠃    ᠤᠶᠢᠯᠠᠭᠠᠭᠰᠠᠨ ᠢᠶᠠᠷ᠂ ᠡᠳᠡᠨᠠᠶᠢᠬᠢᠨ ᠠᠳᠤᠭᠤ ᠭᠤᠤᠯᠲᠠᠢ ᠮᠠᠯᠵᠢᠵᠤ᠂ ᠦᠨᠦ ᠡᠪᠦᠯ ᠬᠤᠶᠠᠷ ᠵᠠᠭᠤ ᠭᠠᠷᠤᠢ ᠬᠤᠨᠢ᠂ ᠬᠤᠷᠢ ᠭᠠᠷᠤᠢ ᠦᠬᠡᠷ ᠤᠨᠳᠤᠷᠤᠭᠤᠯᠬᠤ ᠪᠠᠷ ᠪᠠᠶᠢᠵᠤ᠂ ᠡᠪᠦᠯ ᠤᠨ ᠭᠡᠷᠡᠭᠰᠡᠬᠦ ᠡᠪᠡᠰᠦ ᠪᠠᠨ ᠬᠦᠢᠴᠡᠳ ᠰᠠᠶᠢᠨ ᠨᠦᠭᠡᠴᠡᠯᠡᠭᠰᠡᠨ ᠪᠤᠯᠬᠤᠷ  ᠂ ᠲᠤᠰ ᠤᠳᠠᠭᠠᠨ ᠤ ᠴᠠᠰᠤ ᠦᠢᠯᠡᠳᠪᠦᠷᠢᠯᠡᠯ ᠠᠮᠢᠳᠤᠷᠠᠯ ᠳᠤ ᠨᠢ ᠨᠥᠯᠥᠭᠡ ᠪᠣᠯᠣᠭᠰᠠᠨ ᠦᠭᠡᠢ᠂ ᠡᠪᠦᠯ ᠤᠨ ᠪᠡᠯᠡᠳᠭᠡᠯ ᠬᠦᠢᠴᠡᠳ ᠰᠠᠶᠢᠨ ᠬᠢᠭᠰᠡᠨ ᠠᠴᠠ ᠮᠠᠯ ᠤᠨᠤᠭᠠᠨ ᠤ ᠮᠡᠨᠳᠤ ᠤᠨᠳᠤᠷᠤᠯᠲᠠ ᠳᠤ ᠢᠳᠡᠭᠡᠯ ᠲᠦᠭᠦᠷᠡᠩ ᠪᠠᠶᠢᠯ᠎ᠠ᠃   ᠬᠤᠰᠢᠭᠤ ᠴᠠᠭ ᠠᠭᠤᠷ ᠤᠨ ᠲᠤᠪᠴᠢᠶᠠᠨ ᠠᠴᠠ ᠮᠡᠳᠡᠭᠡᠯᠡᠭᠰᠡᠨ ᠢᠶᠠᠷ᠂ 11 ᠰᠠᠷ᠎ᠠ ᠶᠢᠨ 24᠎ ᠤ  ᠤᠷᠤᠢ ᠶᠢᠨ 19 ᠴᠠᠭ ᠠᠴᠠ 25᠎ ᠤ ᠡᠳᠦᠷ ᠤᠨ 17 ᠴᠠᠭ ᠪᠣᠯᠲᠠᠯ᠎ᠠ᠂ ᠪᠠᠯᠭᠠᠷᠭᠤᠤᠯ ᠪᠠᠯᠭᠠᠰᠤᠨ ᠤ ᠴᠠᠰᠤᠨ ᠤ ᠬᠡᠮᠵᠢᠶ᠎ᠡ ᠨᠢ 4.8 ᠮᠢᠯᠢᠮᠧᠲᠷ᠂ ᠪᠠᠶᠠᠩᠬᠤᠸᠠ ᠪᠠᠯᠭᠠᠰᠤᠨ ᠤ ᠴᠠᠰᠤᠨ ᠤ ᠬᠡᠮᠵᠢᠶ᠎ᠡ  ᠎ ᠨᠢ 1.6 ᠮᠢᠯᠢᠮᠧᠲᠷ᠂ ᠭᠤᠷᠤᠬᠠᠨ ᠪᠠᠯᠭᠠᠰᠤᠨ ᠤ ᠴᠠᠰᠤᠨ ᠤ ᠬᠡᠮᠵᠢᠶ᠎ᠡ ᠨᠢ 3.8 ᠮᠢᠯᠢᠮᠧᠲᠷ᠂ ᠪᠠᠶᠠᠨᠬᠤᠰᠢᠭᠤ ᠰᠤᠮᠤᠨ ᠤ ᠴᠠᠰᠤᠨ ᠤ ᠬᠡᠮᠵᠢᠶ᠎ᠡ ᠨᠢ 4.8 ᠮᠢᠯᠢᠮᠧᠲᠷ᠂ ᠤᠯᠠᠭᠠᠨᠬᠠᠭᠠᠯᠭ᠎ᠠ ᠰᠤᠮᠤᠨ ᠤ ᠴᠠᠰᠤᠨ ᠤ ᠬᠡᠮᠵᠢᠶ᠎ᠡ ᠨᠢ 5 ᠮᠢᠯᠢᠮᠧᠲᠷ᠂ ᠬᠤᠭᠤᠯᠠᠲᠤ ᠶᠢᠨ ᠭᠤᠣᠯ ᠪᠠᠯᠭᠠᠰᠤᠨ ᠤ ᠰᠤᠮᠤᠨ ᠤ ᠴᠠᠰᠤᠨ ᠤ ᠬᠡᠮᠵᠢᠶ᠎ᠡ ᠨᠢ 3.2 ᠮᠢᠯᠢᠮᠧᠲᠷ᠂ ᠵᠢᠷ ᠤᠨ ᠭᠤᠣᠯ ᠪᠠᠯᠭᠠᠰᠤᠨ ᠤ ᠴᠠᠰᠤᠨ ᠤ ᠬᠡᠮᠵᠢᠶ᠎ᠡ ᠨᠢ 5.3 ᠮᠢᠯᠢᠮᠧᠲᠷ ᠭᠦᠷᠦᠭᠰᠡᠨ ᠪᠠᠶᠢᠨ᠎ᠠ᠃ ᠴᠠᠭ ᠠᠭᠤᠷ ᠤᠨ ᠤᠷᠢᠳᠴᠢᠯᠠᠭᠰᠠᠨ ᠮᠡᠳᠡᠭᠡ ᠠᠴᠠ ᠦᠵᠡᠪᠡᠯ᠂ ᠢᠷᠡᠬᠦ ᠭᠤᠷᠪᠠᠨ ᠡᠳᠦᠷ ᠲᠤ ᠪᠠᠷᠠᠭᠤᠨ ᠦᠵᠦᠮᠦᠴᠢᠨ ᠬᠤᠰᠢᠭᠤᠨ ᠤ ᠬᠡᠰᠡᠭ ᠭᠠᠵᠠᠷ ᠢᠶᠠᠷ ᠪᠠᠭ᠎ᠠ ᠴᠠᠰᠤ ᠤᠷᠤᠬᠤ ᠲᠤᠯᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠷᠢᠳᠴᠢᠯᠠᠨ ᠰᠡᠷᠡᠮᠵᠢᠯᠡᠭᠦᠯᠵᠦ᠂ ᠮᠠᠯᠴᠢᠳ ᠴᠤ ᠠᠷᠭᠠᠴᠠᠬᠤ ᠪᠡᠯᠡᠳᠬᠡᠯ ᠢᠶᠠᠨ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号