ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠠᠪᠤᠨ ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ︾᠎ ᠤ ᠬᠤᠯᠪᠣᠭᠠᠲᠤ ᠮᠥᠷᠥᠶᠢᠴᠡᠭᠡᠨ ᠤ ᠰᠢᠢᠳᠪᠦᠷᠢᠲᠦ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/11/4
   11 ᠰᠠᠷ᠎ᠠ ᠶᠢᠨ 2᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠬᠤᠨᠳᠠᠭᠠᠲᠤ ︽ᠲᠠᠪᠤᠨ ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ︾᠎ ᠤ ᠬᠤᠯᠪᠣᠭᠠᠲᠤ ᠮᠥᠷᠥᠶᠢᠴᠡᠭᠡᠨ ᠤ ᠰᠢᠢᠳᠪᠦᠷᠢᠲᠦ ᠤᠷᠤᠯᠳᠤᠭᠠᠨ ᠵᠢᠩᠬᠢᠨᠢ ᠎ ᠪᠠᠷ ᠡᠬᠢᠯᠡᠵᠦ᠂ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠳᠤ ᠰᠢᠯᠢᠳᠡᠭ ᠪᠦᠲᠦᠮᠵᠢ ᠪᠠᠷ ᠰᠢᠯᠭᠠᠷᠠᠭᠰᠠᠨ 22 ᠠᠩᠭᠢ ᠣᠶᠣᠨ ᠤᠬᠠᠭᠠᠨ ᠤᠷ᠎ᠠ ᠮᠡᠷᠭᠡᠵᠢᠯ ᠢᠶᠠᠨ ᠪᠠᠳᠠᠷᠠᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠠᠪᠤᠨ ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ ︾᠎ ᠤ ᠬᠤᠯᠪᠣᠭᠠᠲᠤ ᠮᠥᠷᠥᠶᠢᠴᠡᠭᠡᠨ ᠤ ᠮᠠᠩᠯᠠᠢ ᠳᠤ ᠲᠣᠳᠣᠷᠠᠬᠤ ᠪᠠᠷ ᠡᠬᠢᠯᠡᠨ ᠥᠷᠢᠰᠦᠯᠳᠦᠭᠰᠡᠨ ᠪᠠᠶᠢᠨ᠎ᠠ᠃   ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠠᠪᠤᠨ ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ︾᠎ ᠤ ᠬᠤᠯᠪᠣᠭᠠᠲᠤ ᠮᠥᠷᠥᠶᠢᠴᠡᠭᠡᠨ ᠤ ᠰᠢᠢᠳᠪᠦᠷᠢᠲᠦ ᠤᠷᠤᠯᠳᠤᠭᠠᠨ ᠨᠢ ᠡᠨᠡ ᠵᠢᠯ ᠤᠨ 6 ᠰᠤᠮᠤ ᠪᠠᠯᠭᠠᠰᠤᠨ ᠤ 93 ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠥᠷᠨᠢᠭᠦᠯᠦᠭᠰᠡᠨ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ 22  ᠪᠥᠮᠪᠦᠭᠡ ᠶᠢᠨ ᠠᠩᠭᠢ ᠶᠢ ᠰᠣᠩᠭᠤᠨ ᠣᠷᠣᠯᠴᠠᠭᠤᠯᠤᠭᠰᠠᠨ ᠪᠠᠶᠢᠨ᠎ᠠ᠂ ᠲᠤᠰ ᠤᠳᠠᠭᠠᠨ ᠤ ᠰᠢᠢᠳᠪᠦᠷᠢᠲᠦ ᠤᠷᠤᠯᠳᠤᠭᠠᠨ ᠢᠶᠠᠷ ᠡᠳᠡᠭᠡᠷ ᠪᠥᠮᠪᠦᠭᠡ ᠶᠢᠨ ᠠᠩᠭᠢ ᠶᠢᠨ 300 ᠭᠠᠷᠤᠢ  ᠮᠠᠯᠴᠢᠨ ᠲᠠᠮᠢᠷᠴᠢᠳ ᠣᠯᠠᠨ ᠠᠴᠠ ᠬᠡᠲᠦᠶᠢᠳᠦᠭᠰᠡᠨ ᠪᠥᠮᠪᠥᠭᠡᠨ ᠮᠡᠷᠭᠡᠵᠢᠯ ᠪᠠ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠᠨ ᠬᠠᠷᠠᠭᠤᠯᠤᠭᠰᠠᠨ ᠭᠤᠶᠢᠳᠠ ᠰᠠᠶᠢᠬᠠᠨ ᠤᠷᠤᠯᠳᠤᠭᠠᠨ ᠲᠡᠮᠡᠴᠡᠭᠡᠨ ᠢ ᠣᠯᠠᠨ ᠳᠤ ᠬᠠᠷᠠᠭᠤᠯᠬᠤ ᠪᠣᠯᠣᠨ᠎ᠠ᠃   ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠨᠢ ᠲᠤᠰᠬᠠᠢ ᠮᠡᠷᠭᠡᠵᠢᠯ ᠤᠨ ᠤᠷᠤᠯᠳᠤᠭᠠᠨ ᠡᠷᠭᠢᠯᠡᠬᠦ ᠬᠢᠷᠢ ᠲᠦᠪᠰᠢᠨ ᠢᠶᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠲᠠᠷᠠᠵᠤ᠂ ᠡᠷᠡᠯᠬᠡᠭᠯᠡᠨ ᠲᠡᠮᠡᠴᠡᠬᠦ ᠡᠷᠴᠢ ᠵᠣᠷᠢᠭ ᠢ ᠬᠥᠭᠵᠢᠭᠡᠵᠦ᠂ ︽ᠪᠠᠶᠠᠷ ᠬᠥᠷ ᠲᠠᠢ ᠠᠵᠢᠯᠯᠠᠵᠤ᠂ ᠡᠷᠡᠭᠦᠯ ᠴᠢᠭᠢᠷᠠᠭ ᠠᠮᠢᠳᠤᠷᠠᠬᠤ︾ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ᠃    ᠬᠤᠰᠢᠭᠤ ᠤᠳᠤᠷᠢᠳᠤᠯᠭ᠎ᠠ ᠯᠢ ᠰᠢᠤᠸᠠᠢ ᠶᠢᠩ᠂ ᠡᠷᠳᠡᠨᠢᠰᠦ᠋ᠷᠦᠭ᠂ ᠬᠤᠰᠢᠭᠤ ᠰᠣᠶᠣᠯ ᠲᠠᠮᠢᠷ ᠤᠨ ᠲᠣᠪᠴᠢᠶ᠎ᠠ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号