ᠰᠢᠨ᠎ᠡ ︽ᠬᠤᠶᠠᠷ ᠬᠥᠲᠥᠯᠪᠦᠷᠢ︾᠎ ᠪᠠᠷ ᠥᠪᠥᠷ ᠮᠣᠩᠭᠤᠯ ᠤᠨ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠬᠥᠲᠥᠯᠥᠨ ᠳᠠᠭᠠᠭᠤᠯᠤᠶ᠎ᠠ
ᠨᠡᠶᠢᠲᠡᠯᠡᠭᠰᠡᠨ ᠴᠠᠭ᠄
2024/11/4
     ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠠᠭᠤᠯᠭ᠎ᠠ ᠶᠢᠨ ᠲᠣᠪᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠮᠥᠨ᠃ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ ᠣᠷᠣᠨ ᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠦᠨᠳᠦᠰᠦᠨ ᠵᠠᠷᠴᠢᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠲᠡᠮᠳᠡᠭᠯᠡᠯ      ᠬᠥᠲᠥᠯᠥᠭᠴᠢ      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠪᠦᠬᠦᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠫᠷᠣᠭ᠍ᠷᠠᠮ ᠳᠤ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠶᠢ ᠤᠷᠢᠯ᠎ᠠ᠃ ᠭᠦᠸᠧ ᠲᠡᠷᠢᠭᠦᠯᠡᠭᠴᠢ ᠠ᠋᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠬᠥᠲᠥᠯᠥᠭᠴᠢ ᠰᠠᠶᠢᠨ ᠤᠤ︕ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠪᠠᠨ ᠥᠨᠥᠳᠥᠷ ᠤᠨ ᠭᠤᠣᠯ ᠰᠡᠳᠦᠪ ᠢᠶᠠᠨ ᠶᠠᠷᠢᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ      ᠭᠦᠸᠧ ᠲᠡᠷᠢᠭᠦᠯᠡᠭᠴᠢ ᠠ᠋᠂ ᠥᠨᠥᠳᠥᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠰᠡᠳᠦᠪ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠪᠣᠯᠣᠨ᠎ᠠ᠃ ᠶᠠᠭᠤᠨ ᠤ ᠲᠡᠷᠢᠭᠦᠨ ᠳᠤ ᠪᠢ ᠥᠪᠡᠷᠲᠡᠭᠡᠨ ᠡᠨᠡ ᠰᠡᠳᠦᠪ ᠢ ᠶᠡᠭᠡ ᠰᠣᠨᠢᠷᠬᠠᠳᠠᠭ᠂ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠤᠨ ᠬᠠᠮᠠᠭᠠᠯᠠᠯᠲᠠ ᠨᠢ ᠭᠡᠷ ᠪᠦᠯᠢ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠵᠠᠷᠢᠮ ᠬᠡᠮᠵᠢᠶᠡᠨ ᠳᠤ ᠨᠢᠭᠡ ᠭᠡᠷ ᠪᠦᠯᠢ ᠶᠢᠨ ᠵᠣᠯ ᠵᠢᠷᠭᠠᠯ ᠲᠠᠢ ᠪᠠᠶᠢᠬᠤ ᠡᠰᠡᠬᠦ᠂ ᠵᠣᠯ ᠵᠢᠷᠭᠠᠯ ᠤᠨ ᠬᠡᠮᠵᠢᠶ᠎ᠡ ᠥᠨᠳᠥᠷ ᠡᠰᠡᠬᠦ ᠳᠤ ᠡᠮᠡᠭᠲᠡᠶᠢᠴᠦᠳ ᠬᠡᠦᠬᠡᠳ ᠤᠳ ᠤᠨ ᠬᠠᠨᠤᠮᠵᠢ ᠶᠢᠨ ᠬᠡᠮᠵᠢᠶ᠎ᠡ ᠲᠤᠶᠢᠯ ᠤᠨ ᠴᠢᠬᠤᠯᠠ ᠬᠤᠯᠪᠤᠭ᠎ᠠ ᠲᠠᠢ ᠪᠠᠶᠢᠳᠠᠭ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠦᠨᠡᠨ ᠳᠤ ᠪᠠᠨ ᠨᠠᠮ ᠪᠠ ᠵᠠᠰᠠᠭ ᠤᠨ ᠣᠷᠳᠣᠨ ᠡᠮᠡᠭᠲᠡᠶᠢᠴᠦᠳ ᠬᠡᠦᠬᠡᠳ ᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠬᠥᠭᠵᠢᠭᠦᠯᠬᠦ ᠶᠢ ᠨᠠᠮ ᠪᠠ ᠤᠯᠤᠰ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ ᠡᠮᠡᠭᠲᠡᠶᠢᠴᠦᠳ ᠬᠡᠦᠬᠡᠳ ᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠦᠴᠦᠨ᠂ ᠮᠥᠨ ᠴᠤ ᠠᠮᠢᠳᠤ ᠬᠦᠴᠦᠨ ᠨᠢ ᠶᠤᠮ᠂ ᠡᠮᠡᠭᠲᠡᠶᠢᠴᠦᠳ ᠢ ᠬᠦᠨᠳᠦᠳᠬᠡᠵᠦ ᠬᠡᠦᠬᠡᠳ ᠤᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ᠂ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠃      ᠬᠥᠲᠥᠯᠥᠭᠴᠢ      ᠪᠢᠳᠡᠨ ᠤ ᠮᠡᠳᠡᠭᠡᠵᠢ ᠪᠠᠷ᠂ 2011 - 2020 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ︾᠎ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ ᠲᠥᠷᠥ ᠶᠢᠨ ᠪᠣᠳᠣᠯᠭ᠎ᠠ ᠨᠤᠭᠤᠳ ᠢ  ᠨᠡᠶᠢᠲᠡᠯᠡᠨ ᠬᠡᠷᠡᠭᠵᠢᠭᠦᠯᠵᠦ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠢ ᠬᠠᠮᠠᠭᠠᠯᠠᠭᠰᠠᠭᠠᠷ ᠢᠷᠡᠯ᠎ᠡ᠂ ᠲᠡᠭᠡᠪᠡᠯ ᠡᠨᠡ 10 ᠵᠢᠯ ᠤᠨ ᠲᠤᠷᠰᠢ ᠬᠢᠷᠢ ᠵᠡᠷᠭᠡ ᠦᠷ᠎ᠡ ᠪᠦᠲᠦᠮᠵᠢ ᠣᠯᠣᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ᠭᠤᠷᠪᠠᠨ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠦᠬᠡᠳ ᠤᠳ ᠤᠨ ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠵᠠᠢ᠃ ᠢᠯᠠᠩᠭᠤᠶ᠎ᠠ 2011 - 2020 ᠣᠨ ᠳᠤ ︽ᠬᠤᠶᠠᠷ ᠬᠥᠲᠥᠯᠪᠦᠷᠢ︾᠎ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠬᠢᠨᠠᠮᠠᠭᠠᠢ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ︽ᠬᠤᠶᠠᠷ ᠬᠥᠲᠥᠯᠪᠦᠷᠢ︾᠎ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠦᠬᠡᠳ ᠤᠳ ᠤᠨ ᠪᠤᠶᠢᠵᠢᠯᠲᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠰᠢᠨ᠎ᠡ ᠠᠮᠵᠢᠯᠲᠠ ᠣᠯᠪᠠ᠃      ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠥᠭᠵᠢᠭᠦᠯᠵᠡᠢ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠡᠮᠡᠭᠲᠡᠶᠢᠴᠦᠳ ᠤᠨ ᠬᠥᠮᠥᠨ ᠳᠤᠮᠳᠠᠴᠢ ᠶᠢᠨ ᠵᠢᠱᠢᠯᠲᠡ ᠨᠠᠰᠤᠨ ᠬᠤᠲᠤᠭ 80.45 ᠨᠠᠰᠤᠨ ᠳᠤ ᠬᠦᠷᠴᠦ᠂ 2010 ᠣᠨ ᠤ ᠬᠢ ᠠᠴᠠ 3.18 ᠨᠠᠰᠤ ᠥᠨᠳᠥᠷ ᠪᠣᠯᠪᠠ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠲᠠᠰᠤᠷᠠᠯᠳᠠ ᠦᠭᠡᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠡᠮᠡᠭᠲᠡᠢ ᠰᠤᠷᠤᠬᠴᠢ ᠶᠢᠨ ᠬᠠᠷᠢᠴᠠᠯ51.73%᠎ ᠶᠢ ᠡᠵᠡᠯᠡᠵᠦ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠪᠠᠶᠢᠭ᠎ᠠ ᠡᠮᠡᠭᠲᠡᠢ ᠰᠤᠷᠤᠬᠴᠢ ᠶᠢᠨ ᠬᠠᠷᠢᠴᠠᠯ 51.95%᠎ ᠶᠢ ᠡᠵᠡᠯᠡᠵᠦ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ ᠮᠡᠳᠡᠭᠳᠡᠬᠦᠶᠢᠴᠡ ᠳᠡᠭᠡᠭᠰᠢᠯᠡᠵᠦ᠂ ᠡᠮᠡᠭᠲᠡᠶᠢᠴᠦᠳ ᠤᠨ ᠠᠵᠢᠯ ᠣᠯᠬᠤ ᠠᠷᠭ᠎ᠠ ᠵᠠᠮ ᠨᠢ ᠲᠠᠰᠤᠷᠠᠯᠳᠠ ᠦᠭᠡᠢ ᠥᠷᠭᠡᠳᠴᠦ᠂ ᠬᠥᠳᠡᠯᠮᠦᠷᠢ ᠠᠵᠢᠯ ᠣᠯᠭᠤᠯᠲᠠ ᠶᠢᠨ ᠡᠷᠬᠡ ᠠᠳᠠᠯᠢ ᠲᠡᠭᠰᠢ ᠪᠠᠲᠤᠯᠠᠭ᠎ᠠ ᠲᠠᠢ ᠪᠣᠯᠵᠠᠢ᠃ ᠡᠮᠡᠭᠲᠡᠶᠢᠴᠦᠳ ᠤᠨ ᠠᠷᠠᠳᠴᠢᠯᠠᠭᠰᠠᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢᠯᠡᠳᠲᠡ ᠴᠢᠩᠭᠠᠷᠠᠵᠤ᠂ ᠡᠮᠡᠭᠲᠡᠶᠢᠴᠦᠳ ᠤᠨ ᠠᠰᠠᠷᠠᠮᠵᠢ ᠶᠢᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃      ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠤᠳ ᠡᠷᠡᠭᠦᠯ ᠢᠶᠠᠷ ᠦᠰᠦᠨ ᠪᠣᠶᠢᠵᠢᠵᠤ ᠪᠣᠢ᠃ ᠬᠡᠦᠬᠡᠳ ᠤᠳ ᠤᠨ ᠡᠷᠡᠭᠦᠯ ᠮᠡᠨᠳᠤ ᠪᠦᠬᠦ ᠲᠠᠯ᠎ᠠ ᠪᠠᠲᠤᠯᠠᠭ᠎ᠠ ᠲᠠᠢ ᠪᠣᠯᠵᠤ᠂ ᠨᠢᠯᠬ᠎ᠠ ᠬᠡᠦᠬᠡᠳ ᠤᠨ ᠦᠬᠦᠯ ᠤᠨ ᠨᠤᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠨᠢ 2010 ᠣᠨ ᠤ ᠬᠢ ᠠᠴᠠ ᠳᠤᠰ ᠳᠤᠰ 71.1% ᠪᠠ 71.2%᠎ ᠢᠶᠠᠷ ᠪᠠᠭᠤᠷᠠᠵᠤ᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠭᠰᠡᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠴᠡᠭ ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠶᠠᠳᠠᠭᠤ ᠬᠦᠴᠢᠷᠳᠡᠯᠲᠡᠢ ᠠᠴᠠ ᠪᠣᠯᠵᠤ ᠰᠤᠷᠤᠯᠭ᠎ᠠ ᠪᠠᠨ ᠲᠤᠷᠭᠤᠨ ᠵᠣᠭᠰᠤᠬᠤ ᠪᠠᠶᠢᠳᠠᠯ ᠢ ᠬᠥᠳᠡᠯᠦᠩᠭᠦᠢ ᠪᠠᠷ ᠦᠭᠡᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠤᠷᠮ᠎ᠠ 94.63%᠎ ᠳᠤ ᠬᠦᠷᠴᠡᠢ᠃ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠷᠡᠭᠦᠯᠪᠡ᠃      ᠬᠥᠲᠥᠯᠥᠭᠴᠢ      ᠭᠦᠸᠧ ᠲᠡᠷᠢᠭᠦᠯᠡᠭᠴᠢ ᠠ᠋᠂ ᠲᠠᠨ ᠤ ᠰᠠᠶ᠋ᠢ ᠶᠢᠨ ᠵᠢᠭᠰᠠᠭᠠᠭᠰᠠᠨ ᠲᠡᠷᠡ ᠤᠯᠠᠨ ᠲᠤᠭ᠎ᠠ ᠪᠠᠷᠢᠮᠲᠠ ᠨᠤᠭᠤᠳ ᠵᠢᠴᠢ ᠪᠢᠳᠡᠨ ᠤ ᠳᠡᠷᠭᠡᠳᠡᠬᠢ ᠠᠯᠢ ᠤᠯᠠᠨ ᠬᠤᠪᠢᠷᠠᠯᠲᠠ ᠨᠤᠭᠤᠳ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ ᠡᠯ᠎ᠡ ᠬᠦᠷᠢᠶ᠎ᠡ ᠡᠯ᠎ᠡ ᠠᠵᠢᠯ ᠲᠦᠷᠦᠯ ᠳᠠᠬᠢ ᠣᠷᠤᠯᠴᠠᠯᠭ᠎ᠠ ᠶᠢᠨ ᠬᠡᠮᠵᠢᠶ᠎ᠡ᠂ ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠬᠦ ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ ᠦᠶ᠎ᠡ ᠨᠢ ᠮᠠᠨ ᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ ᠬᠥᠲᠥᠯᠪᠦᠷᠢ︾᠎ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ ᠪᠤᠢ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠪᠠᠶᠢᠬᠤ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠰᠢᠨ᠎ᠡ ᠴᠠᠭ ᠦᠶ᠎ᠡ ᠳᠤ ᠬᠠᠨᠳᠤᠨ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ᠂ ᠬᠡᠦᠬᠡᠳ᠂ ᠭᠡᠷ ᠪᠦᠯᠢ ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾᠎ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶᠎ ᠶᠢ ᠨᠠᠶᠢᠷᠠᠭᠤᠯᠤᠨ ᠵᠣᠬᠢᠶᠠᠵᠤ᠂ ᠢᠷᠡᠭᠡᠳᠦᠢ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠦᠪᠵᠢᠭᠦᠯᠭᠡ ᠬᠢᠪᠡ᠃      ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾᠎ ᠨᠢ ᠲᠣᠰ ᠪᠦᠷᠢ 4 ᠬᠡᠰᠡᠭ ᠢᠶᠠᠷ ᠪᠦᠷᠢᠯᠳᠦᠪᠡ᠃ ᠨᠢᠭᠡ ᠳᠤ ︽ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠢ ᠬᠠᠷᠠᠯᠲᠠ︾︔ ᠬᠤᠶᠠᠷ ᠲᠤ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ︾︔ ᠭᠤᠷᠪᠠ ᠳᠤ ︽ᠵᠣᠬᠢᠶᠠᠨ ᠪᠠᠶᠢᠭᠤᠯᠤᠯᠲᠠ ᠬᠡᠷᠡᠭᠵᠢᠭᠦᠯᠦᠯᠲᠡ︾︔ ᠳᠥᠷᠪᠡ ᠳᠤ ︽ᠬᠢᠨᠠᠨ ᠬᠡᠮᠵᠢᠯᠲᠡ ᠦᠨᠡᠯᠡᠯᠲᠡ ᠵᠢᠱᠢᠯᠲᠡ︾ ᠪᠣᠯᠣᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ᠳᠤ ᠭᠤᠣᠯᠳᠠᠭᠤ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠢ᠂ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠬᠦᠴᠡᠯ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠢ᠃ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠣᠯᠳᠠᠭᠤ ᠬᠡᠦᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠭᠡᠷ ᠪᠦᠯᠢ᠂ ᠣᠷᠴᠢᠨ ᠨᠥᠬᠦᠴᠡᠯ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠣᠯ ᠬᠠᠷᠠᠯᠲᠠ ᠡᠭᠦᠷᠭᠡ ᠪᠠ 91 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ ︽ᠬᠤᠶᠠᠷ ᠬᠥᠲᠥᠯᠪᠦᠷᠢ︾᠎ ᠶᠢᠨ ᠲᠣᠭᠲᠠᠯᠴᠠᠭ᠎ᠠ ᠶᠢᠨ ᠪᠦᠷᠢᠨ ᠲᠥᠬᠦᠷ ᠴᠢᠨᠠᠷ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠦᠷᠭᠦᠯᠵᠢᠯᠡᠯ ᠴᠢᠨᠠᠷ ᠢ ᠢᠯᠡᠷᠡᠭᠦᠯᠪᠡ᠃      ᠬᠤᠷᠢᠶᠠᠩᠭᠤᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾᠎ ᠨᠢ ᠳᠠᠷᠠᠭᠠᠬᠢ ᠮᠡᠲᠦ ᠶᠢᠨ ᠣᠨᠴᠠᠯᠢᠭ ᠪᠠ ᠬᠢᠯᠠᠰ ᠴᠡᠭ ᠤᠳ ᠲᠠᠢ᠃      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠵᠥᠪ ᠴᠢᠭᠯᠡᠯ ᠢ ᠪᠠᠲᠤᠯᠠᠵᠠᠢ᠃ ᠰᠢᠨ᠎ᠡ ︽ᠬᠤᠶᠠᠷ ᠬᠥᠲᠥᠯᠪᠦᠷᠢ︾᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠠᠢ᠃      ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠪᠠ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ ᠬᠥᠲᠥᠯᠪᠦᠷᠢ︾᠎ ᠳᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠭᠡᠷ ᠪᠦᠯᠢ ᠶᠢᠨ ᠪᠦᠷᠢᠯᠳᠦᠭᠦᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠨᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠤᠨ ᠰᠡᠳᠬᠢᠯ ᠳᠤ ᠪᠠᠲᠤ ᠦᠨᠳᠦᠰᠦᠯᠡᠭᠦᠯᠬᠦ ᠶᠢ ᠠᠬᠢᠭᠤᠯᠬᠤ ᠶᠢ ᠲᠣᠪᠣᠶᠢᠮ᠎ᠠ ᠴᠢᠬᠤᠯᠠᠴᠢᠯᠠᠵᠠᠢ᠃ ︽ᠡᠮᠡᠭᠲᠡᠶᠢᠴᠦᠳ ᠤᠨ ᠬᠥᠲᠥᠯᠪᠦᠷᠢ︾᠎ ᠳᠤ᠂ ᠡᠮᠡᠭᠲᠡᠶᠢᠴᠦᠳ ᠢ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠬᠡᠦᠬᠡᠳ ᠤᠨ ᠬᠥᠲᠥᠯᠪᠦᠷᠢ︾᠎ ᠳᠤ᠂ ᠶᠣᠰᠣ ᠮᠣᠷᠠᠯ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠭᠤᠷᠪᠠ ᠳᠤ᠂ ᠠᠷᠠᠳ ᠲᠦᠮᠡᠨ ᠢᠶᠠᠨ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾᠎ ᠳᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠬᠡᠦᠬᠡᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠥᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠢᠶᠠᠷ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠡᠬᠢᠯᠡᠯ ᠪᠠ ᠵᠣᠭᠰᠣᠴᠠ ᠪᠣᠯᠭᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠢ᠂ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠬᠦᠴᠡᠯ᠂ ᠠᠮᠤᠷ ᠲᠦᠪᠰᠢᠨ᠂ ᠬᠠᠤᠯᠢ ᠴᠠᠭᠠᠵᠠ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠠᠢ᠃ ᠬᠥᠲᠥᠯᠪᠦᠷᠢ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠬᠢᠭᠡᠳ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠤ ᠡᠮᠡᠭᠲᠡᠶᠢᠴᠦᠳ ᠬᠡᠦᠬᠡᠳ ᠤᠳ ᠢ ᠵᠡᠷᠭᠡᠪᠡᠷ ᠲᠡᠩᠴᠡᠭᠦᠷᠢᠲᠡᠢ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠢ ᠪᠦᠬᠦ ᠲᠠᠯ᠎ᠠ ᠪᠠᠷ ᠪᠦᠬᠦ ᠶᠠᠪᠤᠴᠠ ᠪᠠᠷ ᠶᠡᠷᠦᠩᠬᠡᠶᠢᠯᠡᠭᠰᠡᠨ ᠬᠠᠮᠠᠭᠠᠯᠠᠬᠤ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃      ᠳᠥᠷᠪᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠦᠴᠦᠨ ᠴᠢᠳᠠᠯ ᠢ ᠭᠦᠢᠴᠡᠳ ᠪᠠᠳᠠᠷᠠᠭᠤᠯᠵᠠᠢ᠃ ᠰᠢᠨ᠎ᠡ ︽ᠬᠤᠶᠠᠷ ᠬᠥᠲᠥᠯᠪᠦᠷᠢ︾᠎ ᠨᠢ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠬᠢᠭᠡᠳ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾᠎ ᠶᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠬᠦ ᠶᠢ ᠴᠢᠬᠤᠯᠠᠴᠢᠯᠠᠵᠠᠢ᠃ ᠬᠥᠲᠥᠯᠪᠦᠷᠢ ᠳᠤ ᠪᠠᠰᠠ᠂ ᠡᠮᠡᠭᠲᠡᠶᠢᠴᠦᠳ ᠬᠡᠦᠬᠡᠳ ᠤᠳ ᠤᠨ ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠪᠤ ᠳᠤ᠂ ᠳᠤᠲᠠᠭᠳᠠᠯ ᠲᠠᠯ᠎ᠠ ᠪᠠᠨ ᠨᠥᠬᠦᠪᠦᠷᠢᠯᠡᠬᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠰᠢᠨ᠎ᠡ ︽ᠬᠤᠶᠠᠷ ᠬᠥᠲᠥᠯᠪᠦᠷᠢ︾᠎ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠪᠠ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ ᠳᠤᠲᠠᠭᠳᠠᠯ ᠲᠠᠯ᠎ᠠ ᠪᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠢ ᠵᠦᠢᠯᠡᠰ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠭᠤᠣᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠰᠢᠨ᠎ᠡ︽ᠬᠤᠶᠠᠷ ᠬᠥᠲᠥᠯᠪᠦᠷᠢ︾᠎ ᠳᠤ ︽ᠠᠵᠢᠯ ᠣᠯᠭᠤᠯᠲᠠ ᠳᠤ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ︾ ︽ᠡᠮᠡᠭᠲᠡᠢ ᠴᠢᠳᠠᠪᠤᠷᠢᠲᠠᠳ ᠤᠨ ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠴᠤ᠂ ᠡᠮᠡᠭᠲᠡᠶᠢᠴᠦᠳ ᠤᠨ ᠬᠥᠲᠥᠯᠪᠦᠷᠢ ᠳᠤ ︽ᠡᠮᠡᠭᠲᠡᠶᠢᠴᠦᠳ ᠬᠢᠭᠡᠳ ᠭᠡᠷ ᠪᠦᠯᠢ ᠶᠢᠨ ᠪᠠᠶᠢᠭᠤᠯᠤᠯᠲᠠ︾᠎ ᠶᠢ ᠨᠡᠮᠡᠨ ᠣᠷᠣᠭᠤᠯᠵᠤ᠂ ᠬᠡᠦᠬᠡᠳ ᠤᠨ ᠬᠥᠲᠥᠯᠪᠦᠷᠢ ᠳᠤ ︽ᠬᠡᠦᠬᠡᠳ ᠬᠢᠭᠡᠳ ᠭᠡᠷ ᠪᠦᠯᠢ︾ ᠪᠠ ︽ᠬᠡᠦᠬᠡᠳ ᠬᠢᠭᠡᠳ ᠠᠮᠤᠷ ᠲᠦᠪᠰᠢᠨ︾ ᠵᠡᠷᠭᠡ ᠴᠢᠬᠤᠯᠠ ᠠᠭᠤᠯᠭ᠎ᠠ ᠨᠤᠭᠤᠳ ᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾᠎ ᠲᠠᠢ ᠬᠠᠷᠢᠴᠠᠭᠤᠯᠪᠠᠯ᠂ ᠮᠠᠨ ᠤ ᠣᠷᠣᠨ ᠤ ᠰᠢᠨ᠎ᠡ ︽ᠬᠤᠶᠠᠷ ᠬᠥᠲᠥᠯᠪᠦᠷᠢ︾᠎ ᠳᠤ ᠮᠡᠰᠡ ᠵᠠᠰᠠᠯ ᠢᠶᠠᠷ ᠬᠥᠩᠭᠡᠵᠢᠭᠦᠯᠬᠦ ᠶᠢ ᠬᠢᠵᠠᠭᠠᠷᠯᠠᠬᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠲᠤ ᠡᠮᠡᠭᠲᠡᠢ ᠺᠠᠳ᠋ᠷ ᠲᠣᠬᠢᠷᠠᠭᠤᠯᠬᠤ᠂ ᠭᠡᠷ ᠪᠦᠯᠢ ᠶᠢᠨ ᠠᠰᠠᠭᠤᠳᠠᠯ ᠤᠨ ᠰᠤᠳᠤᠯᠭᠠᠨ ᠵᠢᠴᠢ ᠴᠢᠳᠠᠪᠤᠷᠢ ᠶᠢᠨ ᠪᠠᠶᠢᠭᠤᠯᠤᠯᠲᠠ᠂ ᠪᠣᠬᠢᠷᠲᠤᠯ ᠢ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠬᠡᠦᠬᠡᠳ ᠤᠨ ᠠᠮᠠᠨ ᠬᠥᠨᠳᠡᠢ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ︽ᠬᠤᠶᠠᠷ ᠢ ᠬᠥᠩᠭᠡᠷᠡᠭᠦᠯᠬᠦ︾ ᠵᠡᠷᠭᠡ 8 ᠵᠦᠢᠯ ᠤᠨ ᠭᠦᠢᠴᠡᠳᠬᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠡᠮᠡᠭᠲᠡᠶᠢᠴᠦᠳ ᠬᠡᠦᠬᠡᠳ ᠤᠳ ᠢ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠠᠶᠢᠨ᠎ᠠ᠃      ᠬᠥᠲᠥᠯᠥᠭᠴᠢ      ᠭᠦᠸᠧ ᠲᠡᠷᠢᠭᠦᠯᠡᠭᠴᠢ ᠠ᠋᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ ᠬᠥᠲᠥᠯᠪᠦᠷᠢ︾᠎ ᠨᠢ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠰᠠᠶᠢᠨ ᠵᠣᠷ︾ ᠪᠣᠯᠬᠤ ᠪᠠᠷ ᠪᠠᠷᠠᠬᠤ ᠦᠭᠡᠢ᠂ ᠪᠠᠰᠠ ︽ᠪᠠᠷᠢᠯᠭ᠎ᠠ ᠶᠢᠨ ᠵᠢᠷᠤᠭ︾᠂ ᠨᠠᠩ ᠴᠤ ︽ᠠᠵᠢᠯᠯᠠᠭᠠᠨ ᠤ ᠵᠦᠭᠯᠡᠭᠦᠷ︾ ᠪᠣᠯᠣᠨ᠎ᠠ ᠭᠡᠳᠡᠭ ᠢ ᠮᠡᠳᠡᠯ᠎ᠡ᠂ ᠡᠨᠡ ᠴᠢᠨᠢ ᠬᠥᠮᠥᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ      ᠶᠠᠭ ᠲᠡᠶᠢᠮᠦ ᠠ᠋᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠪᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠲᠥᠯᠪᠦᠷᠢ ᠶᠢ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠨᠢ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠤᠳ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠤᠯᠴᠠᠭᠰᠠᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠡᠭᠦᠷᠭᠡ ᠶᠢ ᠨᠠᠷᠢᠯᠢᠭᠵᠢᠭᠤᠯᠵᠤ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃      ᠬᠥᠲᠥᠯᠥᠭᠴᠢ      ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾᠎ ᠶᠢᠨ ᠲᠤᠬᠠᠢ ᠨᠠᠷᠢᠨ ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾᠎ ᠳᠤ ᠠᠩᠬᠠᠷᠤᠯ ᠲᠠᠯᠪᠢᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠠᠳᠡ ᠬᠦᠷᠦᠭᠡᠳ ᠲᠡᠭᠦᠰᠪᠡ᠂ ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号