11 ᠰᠠᠷ᠎ᠠ ᠶᠢᠨ 2 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠬᠤᠨᠳᠠᠭᠠᠲᠤ ︽ᠲᠠᠪᠤᠨ ᠬᠥᠮᠥᠨ ᠤ ᠳᠦᠷᠢᠮᠲᠦ ᠲᠣᠰᠬᠤᠨ ᠤ | ᠬᠥᠯ ᠪᠥᠮᠪᠦᠭᠡ ᠶᠢᠨ ᠤᠷᠤᠯᠳᠤᠭᠠᠨ︾ ᠤ ᠬᠤᠯᠪᠣᠭᠠᠲᠤ ᠮᠥᠷᠥᠶᠢᠴᠡᠭᠡᠨ ᠤ ᠰᠢᠢᠳᠪᠦᠷᠢᠲᠦ ᠤᠷᠤᠯᠳᠤᠭᠠᠨ ᠵᠢᠩᠬᠢᠨᠢ | ᠪᠠᠷ ᠡᠬᠢᠯᠡᠵᠦ᠂ ᠰᠤᠮᠤ ᠪᠠᠯᠭᠠᠰᠤᠨ ᠤ ᠲᠠᠰ ᠤᠨ ᠤᠷᠤᠯᠳᠤᠭᠠᠨ ᠳᠤ ᠰᠢᠯᠢᠳᠡᠭ ᠪᠦᠲᠦᠮᠵᠢ ᠪᠠᠷ ᠰᠢᠯᠭᠠᠷᠠᠭᠰᠠᠨ 22 | ᠠᠩᠭᠢ ᠣᠶᠣᠨ ᠤᠬᠠᠭᠠᠨ ᠤᠷ᠎ᠠ ᠮᠡᠷᠭᠡᠵᠢᠯ ᠢᠶᠠᠨ ᠪᠠᠳᠠᠷᠠᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ | ᠠᠩᠬᠠᠳᠤᠭᠠᠷ ᠬᠤᠭᠤᠴᠠᠭᠠᠨ ᠤ ︽ᠲᠠᠪᠤᠨ ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ | ︾ ᠤ ᠬᠤᠯᠪᠣᠭᠠᠲᠤ ᠮᠥᠷᠥᠶᠢᠴᠡᠭᠡᠨ ᠤ ᠮᠠᠩᠯᠠᠢ ᠳᠤ ᠲᠣᠳᠣᠷᠠᠬᠤ ᠪᠠᠷ ᠡᠬᠢᠯᠡᠨ ᠥᠷᠢᠰᠦᠯᠳᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠲᠠᠪᠤᠨ | ᠬᠥᠮᠥᠨ ᠤ ᠳᠦᠷᠢᠮᠲᠦ ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ︾ ᠤ ᠬᠤᠯᠪᠣᠭᠠᠲᠤ ᠮᠥᠷᠥᠶᠢᠴᠡᠭᠡᠨ ᠤ | ᠰᠢᠢᠳᠪᠦᠷᠢᠲᠦ ᠤᠷᠤᠯᠳᠤᠭᠠᠨ ᠨᠢ ᠡᠨᠡ ᠵᠢᠯ ᠤᠨ 6 ᠰᠤᠮᠤ ᠪᠠᠯᠭᠠᠰᠤᠨ ᠤ 93 ᠭᠠᠴᠠᠭᠠᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠥᠷᠨᠢᠭᠦᠯᠦᠭᠰᠡᠨ ᠰᠤᠮᠤ ᠪᠠᠯᠭᠠᠰᠤᠨ ᠤ ᠲᠠᠰ ᠤᠨ | ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ 22 ᠪᠥᠮᠪᠦᠭᠡ ᠶᠢᠨ ᠠᠩᠭᠢ ᠶᠢ ᠰᠣᠩᠭᠤᠨ | ᠣᠷᠣᠯᠴᠠᠭᠤᠯᠤᠭᠰᠠᠨ ᠪᠠᠶᠢᠨ᠎ᠠ᠂ ᠲᠤᠰ ᠤᠳᠠᠭᠠᠨ ᠤ ᠰᠢᠢᠳᠪᠦᠷᠢᠲᠦ ᠤᠷᠤᠯᠳᠤᠭᠠᠨ ᠢᠶᠠᠷ ᠡᠳᠡᠭᠡᠷ ᠪᠥᠮᠪᠦᠭᠡ ᠶᠢᠨ | ᠠᠩᠭᠢ ᠶᠢᠨ 300 ᠭᠠᠷᠤᠢ ᠮᠠᠯᠴᠢᠨ ᠲᠠᠮᠢᠷᠴᠢᠳ ᠣᠯᠠᠨ ᠠᠴᠠ ᠬᠡᠲᠦᠶᠢᠳᠦᠭᠰᠡᠨ ᠪᠥᠮᠪᠥᠭᠡᠨ ᠮᠡᠷᠭᠡᠵᠢᠯ ᠪᠠ | ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠᠨ ᠬᠠᠷᠠᠭᠤᠯᠤᠭᠰᠠᠨ ᠭᠤᠶᠢᠳᠠ ᠰᠠᠶᠢᠬᠠᠨ ᠤᠷᠤᠯᠳᠤᠭᠠᠨ | ᠲᠡᠮᠡᠴᠡᠭᠡᠨ ᠢ ᠣᠯᠠᠨ ᠳᠤ ᠬᠠᠷᠠᠭᠤᠯᠬᠤ ᠪᠣᠯᠣᠨ᠎ᠠ᠃ | ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠨᠢ ᠲᠤᠰᠬᠠᠢ ᠮᠡᠷᠭᠡᠵᠢᠯ ᠤᠨ ᠤᠷᠤᠯᠳᠤᠭᠠᠨ | ᠡᠷᠭᠢᠯᠡᠬᠦ ᠬᠢᠷᠢ ᠲᠦᠪᠰᠢᠨ ᠢᠶᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠯᠦᠭᠡᠨ ᠤ ᠪᠡᠶ᠎ᠡ ᠶᠢᠨ | ᠲᠠᠮᠢᠷ ᠤᠨ ᠤᠷᠤᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠣᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠲᠠᠷᠠᠵᠤ᠂ ᠡᠷᠡᠯᠬᠡᠭᠯᠡᠨ | ᠲᠡᠮᠡᠴᠡᠬᠦ ᠡᠷᠴᠢ ᠵᠣᠷᠢᠭ ᠢ ᠬᠥᠭᠵᠢᠭᠡᠵᠦ᠂ ︽ᠪᠠᠶᠠᠷ ᠬᠥᠷ ᠲᠠᠢ ᠠᠵᠢᠯᠯᠠᠵᠤ᠂ ᠡᠷᠡᠭᠦᠯ ᠴᠢᠭᠢᠷᠠᠭ ᠠᠮᠢᠳᠤᠷᠠᠬᠤ︾ | ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ᠃ | ᠬᠤᠰᠢᠭᠤ ᠤᠳᠤᠷᠢᠳᠤᠯᠭ᠎ᠠ ᠯᠢ ᠰᠢᠤᠸᠠᠢ ᠶᠢᠩ᠂ ᠡᠷᠳᠡᠨᠢᠰᠦ᠋ᠷᠦᠭ᠂ ᠬᠤᠰᠢᠭᠤ ᠰᠣᠶᠣᠯ ᠲᠠᠮᠢᠷ ᠤᠨ ᠲᠣᠪᠴᠢᠶ᠎ᠠ | ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ | |