10 ᠳ᠋ᠤᠭᠠᠷ ᠰᠠᠷ᠎ᠠ ᠶᠢᠨ 31 ᠤ ᠡᠳᠦᠷ ᠰᠢᠯᠢ ᠶᠢᠨ ᠭᠤᠣᠯ ᠠᠶᠢᠮᠠᠭ ᠤᠨ ᠱᠧᠩ ᠯᠢ ᠠᠴᠠ ᠵᠠᠩᠪᠧᠢ ᠳᠤ | ᠬᠦᠷᠭᠡᠬᠦ 1000 ᠺᠢᠯᠣᠸᠣᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠴᠠᠬᠢᠯᠭᠠᠨ ᠤ ᠢᠨᠵᠧᠨᠧᠷᠢᠩ | ᠵᠢᠩᠬᠢᠨᠢ ᠪᠠᠷ ᠠᠰᠢᠭᠯᠠᠯᠲᠠ ᠳᠤ ᠣᠷᠣᠪᠠ᠃ ᠲᠣᠰ ᠢᠨᠵᠧᠨᠧᠷᠢᠩ ᠪᠣᠯ ᠤᠯᠤᠰ ᠤᠨ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠲᠥᠯᠦᠪᠵᠢᠭᠦᠯᠭᠡ ᠶᠢᠨ | ᠭᠤᠣᠯᠳᠠᠯᠭ᠎ᠠ ᠪᠣᠯᠬᠤ ᠢᠨᠵᠧᠨᠧᠷᠢᠩ ᠪᠥᠭᠡᠳ ᠪᠠᠰᠠ ᠴᠤ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠩᠬᠠᠳᠠᠭᠴᠢ ᠬᠢᠨᠠᠨ ᠵᠥᠪᠰᠢᠶᠡᠷᠡᠭᠳᠡᠭᠰᠡᠨ᠂ ᠠᠩᠬᠠᠳᠠᠭᠴᠢ ᠠᠵᠢᠯ | ᠡᠬᠢᠯᠡᠭᠦᠯᠦᠭᠰᠡᠨ᠂ ᠠᠩᠬᠠᠳᠠᠭᠴᠢ ᠠᠰᠢᠭᠯᠠᠯᠲᠠ ᠳᠤ ᠣᠷᠣᠭᠰᠠᠨ ᠣᠨᠴᠠ ᠥᠨᠳᠥᠷ ᠬᠦᠴᠦᠳᠡᠯᠲᠦ ᠴᠠᠬᠢᠯᠭᠠᠨ ᠤ | ᠨᠡᠪᠲᠡᠷᠡᠬᠦ ᠱᠤᠭᠤᠮ ᠪᠣᠯᠣᠨ᠎ᠠ᠂ ᠡᠨᠡ ᠨᠢ ᠰᠢᠯᠢ ᠶᠢᠨ ᠭᠤᠣᠯ ᠠᠶᠢᠮᠠᠭ ᠤᠨ ᠭᠤᠷᠪᠠᠳᠠᠭᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠭᠰᠠᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠨᠡᠪᠲᠡᠷᠡᠬᠦ ᠱᠤᠭᠤᠮ ᠪᠠᠶᠢᠵᠤ᠂ | ᠤᠤᠯ ᠤᠨ ︽ᠨᠢᠭᠡ ᠬᠤᠪᠢᠰᠤᠮᠠᠯ ᠭᠦᠶᠦᠳᠡᠯᠲᠦ ᠴᠠᠬᠢᠯᠭᠠᠨ ᠪᠠ ᠨᠢᠭᠡ ᠬᠤᠪᠢᠶᠠᠷᠢ ᠭᠦᠶᠦᠳᠡᠯᠲᠦ ᠴᠠᠬᠢᠯᠭᠠᠨ︾ ᠣᠨᠴᠠ | ᠥᠨᠳᠥᠷ ᠬᠦᠴᠦᠳᠡᠯᠲᠦ ᠭᠤᠣᠯ ᠪᠣᠯᠬᠤ ᠲᠣᠣᠷ ᠤᠨ ᠪᠦᠲᠦᠴᠡ ᠶᠢ ︽ᠬᠤᠶᠠᠷ ᠬᠤᠪᠢᠰᠤᠮᠠᠯ ᠭᠦᠶᠦᠳᠡᠯᠲᠦ ᠴᠠᠬᠢᠯᠭᠠᠨ | ᠪᠠ ᠨᠢᠭᠡ ᠬᠤᠪᠢᠶᠠᠷᠢ ᠭᠦᠶᠦᠳᠡᠯᠲᠦ ᠴᠠᠬᠢᠯᠭᠠᠨ︾ ᠪᠣᠯᠭᠠᠵᠤ ᠴᠢᠩᠭᠠᠷᠠᠭᠤᠯᠪᠠ᠃ ᠢᠨᠵᠧᠨᠧᠷᠢᠩ ᠤᠨ ᠶᠡᠷᠦᠩᠬᠡᠢ ᠪᠡᠯᠡ | ᠣᠷᠣᠭᠤᠯᠤᠯᠲᠠ 67.9 ᠳ᠋ᠦᠩᠰᠢᠭᠤᠷ ᠲᠥᠭᠦᠷᠢᠭ ᠲᠤ ᠬᠦᠷᠴᠦ᠂ ᠱᠧᠩ ᠯᠢ᠂ ᠳᠤᠯᠤᠨ ᠨᠠᠭᠤᠷ᠂ ᠵᠠᠩᠪᠧᠢ ᠶᠢᠨ 3 | ᠰᠠᠭᠤᠷᠢ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠤᠪᠢᠰᠬᠠᠬᠤ ᠦᠷᠳᠡᠭᠡ ᠶᠢ | ᠥᠷᠭᠡᠳᠬᠡᠨ ᠪᠠᠶᠢᠭᠤᠯᠵᠤ᠂ 1000 ᠺᠢᠯᠤᠸᠤᠯᠲ ᠤᠨ ᠬᠤᠣᠰ ᠪᠤᠴᠠᠯᠲᠠ ᠶᠢᠨ ᠴᠠᠬᠢᠯᠭᠠᠨ ᠳᠠᠮᠵᠢᠭᠤᠯᠬᠤ ᠱᠤᠭᠤᠮ ᠢ | 366 ᠺᠢᠯᠣᠮᠧᠲᠷ ᠰᠢᠨ᠎ᠡ ᠪᠠᠷ ᠪᠠᠶᠢᠭᠤᠯᠪᠠ᠃ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ | ᠪᠦᠷᠢ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠳᠤ ᠬᠦᠷᠭᠡᠬᠦ ᠴᠠᠬᠢᠯᠭᠠᠨ ᠤ ᠬᠡᠮᠵᠢᠶ᠎ᠡ ᠨᠢ 150 | ᠳ᠋ᠦᠩᠰᠢᠭᠤᠷ ᠭᠷᠡᠳᠦ᠋ᠰ ︵470 ᠲᠦᠮᠡᠨ ᠡᠷᠦᠬᠡ ᠭᠡᠷ ᠪᠦᠯᠢ ᠶᠢᠨ ᠨᠢᠭᠡ ᠵᠢᠯ ᠤᠨ ᠠᠮᠢᠳᠤᠷᠠᠯ ᠳᠤ ᠬᠡᠷᠡᠭᠯᠡᠬᠦ | ᠴᠠᠬᠢᠯᠭᠠᠨ ᠤ ᠬᠡᠮᠵᠢᠶ᠎ᠡ ᠲᠠᠢ ᠲᠡᠩᠴᠡᠨ᠎ᠡ︶ ᠪᠣᠯᠣᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠤᠯᠤᠰ ᠤᠨ | ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶ |