2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/6
     ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠰᠡᠳᠬᠢᠴᠡ ᠶᠢ ᠭᠦᠨᠵᠡᠭᠡᠶ ᠦᠢᠯᠡᠳᠦᠯᠭᠡᠵᠢᠬᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠢᠢᠳᠪᠦᠷᠢᠳᠤ ᠪᠣᠳᠣᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠣᠯᠠᠨ ᠲᠦᠮᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠤᠷᠤᠯᠴᠠᠬᠤ ᠬᠡᠪᠴᠢᠶ᠎ᠡ ᠶᠢ ᠦᠷᠭᠡᠳᠬᠡᠨ᠂ ᠠᠷᠠᠳ ᠣᠯᠠᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠣᠯᠠᠨ ᠲᠦᠮᠡᠨ ᠳᠤ ᠪᠣᠳᠠᠲᠤ ᠠᠵᠢᠯ ᠬᠢᠬᠦ᠂ ᠠᠰᠢᠭ ᠲᠤᠰᠠ ᠣᠯᠭᠤᠬᠤ ᠶᠢᠨ ᠳᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ ᠲᠥᠯᠥᠭᠡᠯᠡᠭᠴᠢ ᠠᠴᠠ ᠪᠢᠯᠧᠲ ᠥᠭᠴᠦ ᠲᠤᠭᠲᠠᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠨᠡᠶᠢᠭᠡᠮ ᠨᠡᠶᠢᠲᠡ ᠠᠴᠠ 2025 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠪᠠᠷ ᠪᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠵᠠᠷᠯᠠᠶ᠎ᠠ᠄    ᠨᠢᠭᠡ᠂ ᠡᠯᠰᠡᠨ ᠴᠤᠭᠯᠠᠭᠤᠯᠬᠤ ᠴᠠᠭ    ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ᠃    ᠬᠤᠶᠠᠷ᠂ ᠡᠯᠰᠡᠨ ᠴᠤᠭᠯᠠᠭᠤᠯᠬᠤ ᠠᠷᠭ᠎ᠠ ᠬᠡᠯᠪᠡᠷᠢ ᠪᠠ ᠬᠦᠷᠢᠶ᠎ᠡ ᠬᠡᠪᠴᠢᠶ᠎ᠡ    ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠪᠠᠷᠠᠭᠤᠨ ᠦᠵᠦᠮᠦᠴᠢᠨ ᠤ ᠨᠡᠶᠢᠲᠡᠯᠡᠯ ᠸᠢᠴᠠᠲ ᠤᠨ ᠲᠠᠪᠴᠠᠩ᠂ ᠲᠧᠯᠸᠢᠰ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠠᠴᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠎ᠠ᠃    ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠪᠠ ︽ᠨᠠᠮ ᠤᠨ ᠳᠦᠯᠦᠭᠡᠯᠡᠭᠴᠢ᠂ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠠᠴᠠ ᠰᠠᠨᠠᠭᠤᠯᠭ᠎ᠠ ᠡᠯᠰᠡᠨ ᠴᠤᠭᠯᠠᠭᠤᠯᠤᠨ᠎ᠠ᠃ ᠡᠯ᠎ᠡ ᠰᠤᠮᠤ ᠪᠠᠯᠭᠠᠰᠤ ᠨᠢ ᠰᠠᠭᠤᠳᠠᠯ ᠤᠨ ᠬᠤᠷᠠᠯ ᠬᠢᠵᠦ ᠰᠠᠨᠠᠯ ᠰᠤᠯᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠡᠷᠦᠬᠡ ᠳᠤ ᠤᠷᠤᠵᠦ ᠰᠤᠷᠪᠤᠯᠵᠢᠯᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ᠂ ᠨᠡᠶᠢᠭᠡᠮ ᠲᠣᠭᠤᠷᠢᠭ ᠵᠢᠴᠢ ︽ᠨᠠᠮ ᠤᠨ ᠳᠦᠯᠦᠭᠡᠯᠡᠭᠴᠢ᠂ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠨ︾ ᠠᠴᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃ ᠬᠤᠰᠢᠭᠤ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠨᠢ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠳᠤᠭᠤᠷᠢᠨ ᠳᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠪᠤᠶᠤ ᠪᠤᠰᠤᠳ ᠬᠦᠷᠢᠶ᠎ᠡ  ᠴᠠᠷᠠᠭᠠᠨ ᠤ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃   ᠭᠤᠷᠪᠠ᠂ ᠡᠯᠰᠡᠨ ᠴᠤᠭᠯᠠᠭᠤᠯᠬᠤ ᠭᠤᠤᠯ ᠠᠭᠤᠯᠭ᠎ᠠ   ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ᠠᠷᠠᠳ ᠤᠨ ᠰᠠᠨᠠᠭ᠎ᠠ ᠶᠢ ᠬᠦᠨᠳᠦᠳᠬᠡᠵᠦ᠂ ᠠᠷᠠᠳ ᠤᠨ ᠠᠮᠢᠳᠤᠷᠠᠯ ᠢ ᠲᠤᠪᠤᠶᠢᠯᠭᠠᠨ᠂ ᠨᠡᠶᠢᠲᠡ ᠶᠢᠨ ᠠᠰᠠᠷᠠᠮᠵᠢ ᠶᠢ ᠡᠷᠬᠡ ᠲᠡᠭᠰᠢ ᠪᠠᠶᠢᠯᠭᠠᠵᠤ᠂ ᠲᠦᠭᠡᠮᠡᠯ ᠬᠠᠷᠠᠭᠠᠯᠵᠠᠯ ᠢ ᠬᠠᠮᠲᠤ ᠪᠠᠷ ᠡᠳ᠋ᠯᠡᠨ᠂ ᠴᠢᠳᠠᠯ ᠤᠨ ᠢᠶᠠᠨ ᠬᠢᠷᠢ ᠪᠠᠷ ᠢᠶᠠᠨ ᠴᠢᠷᠮᠠᠶᠢᠨ ᠪᠡᠶᠡᠯᠡᠬᠦᠯᠬᠦ︾ ᠵᠠᠷᠴᠢᠮ ᠢ ᠪᠠᠷᠢᠮᠲᠠᠯᠠᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠪᠠᠷ ᠭᠤᠤᠯᠳᠠᠯᠭ᠎ᠠ ᠪᠣᠯᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠬᠢᠷᠠᠭᠤᠯᠤᠨ᠎ᠠ᠃ ᠭᠤᠤᠯᠳᠠᠭᠤ᠄ ᠠᠵᠢᠯ ᠣᠯᠭᠤᠬᠤ ᠪᠤᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠴᠡᠭᠴᠡᠯᠡᠯᠳᠡ᠂ ᠣᠷᠣᠨ ᠰᠠᠭᠤᠴᠠ ᠶᠢᠨ ᠪᠠᠳᠤᠯᠠᠭ᠎ᠠ᠂ ᠵᠠᠮ ᠬᠠᠷᠢᠯᠴᠠᠭ᠎ᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠳᠤᠯᠠᠭ᠎ᠠ ᠂ ᠬᠤᠲᠠ ᠶᠢᠨ ᠬᠠᠮᠢᠶᠠᠷᠤᠯᠲᠠ᠂ ᠬᠦᠳᠡᠭᠡ ᠲᠤᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢ ᠬᠠᠮᠠᠭᠠᠯᠠᠬᠤ ᠵᠡᠷᠭᠡ ᠲᠠᠯ᠎ᠠ ᠪᠠᠭᠲᠠᠨ᠎ᠠ᠃    ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ    ︵ᠨᠢᠭᠡ︶ ᠲᠥᠷᠥᠯ ᠵᠦᠢᠯ ᠨᠢ ᠠᠵᠢᠯᠯᠠᠭᠠᠲᠤ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠰᠠᠨᠠᠭᠤᠯᠭ᠎ᠠ ᠶᠢᠨ ᠵᠦᠢᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠭᠤᠯᠭ᠎ᠠ᠂ ᠭᠡᠷᠡᠭᠵᠢᠭᠦᠯᠬᠦ ᠭᠤᠣᠯ ᠴᠣᠭᠴᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠪᠡᠯᠡ ᠮᠥᠩᠭᠦ ᠶᠢᠨ ᠢᠷᠡᠯᠲᠡ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠪᠠᠭᠲᠠᠨ᠎ᠠ᠃    ︵ᠬᠤᠶᠠᠷ︶ ᠲᠥᠷᠥᠯ ᠵᠦᠢᠯ ᠨᠢ ᠲᠥᠯᠥᠭᠡᠯᠡᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠲᠥᠷᠥᠯ ᠵᠦᠢᠯ ᠤᠨ ᠪᠠᠶᠢᠷᠢᠯᠠᠭᠤᠯᠤᠯᠳᠠ ᠶᠢᠨ ᠲᠠᠯ᠎ᠠ ᠪᠠᠷ ᠲᠦᠭᠡᠮᠡᠯ ᠬᠠᠷᠠᠭᠠᠯᠵᠠᠯ ᠤᠨ ᠴᠢᠨᠠᠷ ᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷ  ᠲᠠᠢ ᠪᠠᠶᠢᠬᠤ ᠵᠢᠴᠢ ᠤᠨᠴᠠᠯᠢᠭ ᠤᠨ ᠲᠠᠯ᠎ᠠ ᠳᠤ ᠬᠠᠮᠤᠷᠬᠤ ᠬᠡᠪᠴᠢᠶ᠎ᠡ ᠪᠠ ᠠᠰᠢᠭ ᠬᠥᠷᠲᠡᠭᠡᠬᠦ ᠬᠡᠪᠴᠢᠶ᠎ᠡ ᠪᠠᠷ ᠥᠷᠭᠡᠨ ᠪᠠᠶᠢᠬᠤ ᠬᠡᠷᠡᠭᠲᠡᠶ᠃    ︵ᠭᠤᠷᠪᠠ︶ ᠲᠥᠷᠥᠯ ᠵᠦᠢᠯ ᠨᠢ ᠬᠡᠷᠡᠭᠵᠢᠬᠦᠯᠬᠦ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠡᠯᠡ ᠮᠥᠩᠭᠦ ᠶᠢᠨ ᠪᠠᠶᠢᠷᠢᠯᠠᠭᠤᠯᠤᠯᠳᠠ ᠨᠢ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠮᠠᠨ ᠤ ᠬᠤᠰᠢᠭᠤᠨ ᠤ ᠪᠤᠳᠠᠲᠤ ᠪᠠᠶᠢᠳᠠᠯ ᠢ ᠭᠦᠢᠴᠡᠳ ᠪᠤᠳᠤᠯᠬᠢᠯᠠᠵᠦ᠂ ᠪᠡᠯᠡ ᠮᠦᠩᠭᠦ ᠶᠢᠨ ᠬᠦᠷᠦᠯᠴᠡᠬᠦᠶᠢᠴᠡ ᠬᠢᠷᠢ ᠬᠡᠮᠵᠢᠶᠡᠨ ᠳᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠬᠦ ᠬᠡᠷᠡᠭᠲᠡᠢ᠃    ︵ᠳᠥᠷᠪᠡ︶ ᠲᠥᠷᠥᠯ ᠵᠦᠢᠯ ᠨᠢ ᠡᠵᠡᠮᠳᠡᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠬᠤ ᠬᠡᠷᠡᠭᠳᠡᠢ᠃ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠡᠵᠡᠮᠳᠡᠵᠦ ᠪᠤᠯᠬᠤᠶᠢᠴᠠ ᠴᠢᠨᠠᠷ ᠲᠠᠢ ᠪᠠᠶᠢᠵᠤ᠂ ᠡᠩ ᠤᠨ ᠪᠠᠶᠢᠳᠠᠯ ᠳᠤ ᠲᠤᠰ ᠵᠢᠯ ᠳᠡᠭᠡᠨ ᠭᠦᠢᠴᠡᠳᠬᠡᠵᠦ ᠴᠢᠳᠠᠬᠤ ᠪᠤᠶᠤ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ ᠴᠢᠳᠠᠬᠤ ᠬᠡᠷᠡᠭᠲᠡᠢ᠃    ᠲᠠᠪᠤ᠂ ᠬᠦᠰᠦᠨᠦᠭᠲᠦ ᠲᠠᠭᠯᠠᠬᠤ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ    ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠥᠷᠥᠯ ᠵᠦᠢᠯ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ᠂ ᠳᠦᠷᠢᠮᠵᠢᠯ ᠲᠠᠢ ᠲᠠᠭᠯᠠᠭᠠᠳ ︵ᠨᠠᠷᠢᠨ ᠪᠠᠶᠢᠳᠠᠯ ᠢ ᠳᠠᠭᠠᠯᠳᠤᠭᠤᠯᠤᠯ ᠬᠦᠰᠦᠨᠦᠭᠲᠦ ᠠᠴᠠ ᠦᠵᠡᠭᠡᠷᠡᠢ︶᠂ ᠪᠢᠴᠢᠭ ᠤᠨ ᠬᠡᠯᠪᠡᠷᠢ ᠪᠠᠷ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠬᠦᠯᠬᠦ ᠬᠡᠷᠡᠭᠲᠡᠶ᠃    ︵ᠬᠤᠶᠠᠷ︶ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠪᠣᠯᠤᠨ ︽ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︾ ᠠᠴᠠ ᠡᠯᠰᠡᠨ ᠴᠤᠭᠯᠠᠭᠤᠯᠬᠤ ᠲᠥᠷᠥᠯ ᠵᠦᠢᠯ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠠᠴᠠ ᠬᠠᠷᠢᠭᠤᠴᠠᠨ ᠡᠯᠰᠡᠬᠦ ᠲᠥᠷᠥᠯ ᠵᠦᠢᠯ ᠤᠨ ᠰᠠᠨᠠᠭᠤᠯᠭ᠎ᠠ ᠶᠢ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠠᠴᠠ ᠬᠠᠮᠢᠶ᠎ᠠ ᠪᠥᠬᠦᠶ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠷᠢᠨ ᠬᠢᠨᠠᠮᠠᠭᠠᠶ ᠰᠤᠳᠤᠯᠤᠨ ᠬᠢᠨᠠᠨ ᠬᠠᠷᠭᠤᠭᠤᠯᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ ᠠᠯᠪᠠᠨ ᠪᠢᠴᠢᠭ ᠮᠠᠲ᠋ᠧᠷᠢᠶᠠᠯ ᠤᠨ ᠬᠡᠯᠪᠡᠷᠢ ᠢᠶᠠᠷ ︵︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢ ᠳᠠᠭᠠᠯᠳᠤᠭᠤᠯᠤᠨ᠎ᠠ ) ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠬᠦ ᠶᠢᠨ ᠬᠠᠮᠲᠤ ᠡᠯᠧᠺᠲᠷᠣᠨ ᠬᠡᠪᠯᠡᠯ ᠢ ᠢᠮᠧᠯ ᠳᠤ ᠶᠠᠪᠤᠭᠤᠯᠤᠨ᠎ᠠ᠃ ᠰᠠᠨᠠᠭᠤᠯᠭ᠎ᠠ ᠶᠢᠨ ᠲᠥᠷᠥᠯ ᠵᠦᠢᠯ ᠢ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠳᠦᠷᠢᠮᠵᠢᠯ ᠲᠠᠢ ᠲᠠᠭᠯᠠᠨ ᠮᠡᠳᠡᠭᠦᠯᠬᠦ ᠬᠡᠷᠡᠭᠲᠡᠶ᠃    ︵ᠭᠤᠷᠪᠠ︶ ᠡᠯ᠎ᠡ ᠰᠤᠮᠤ ᠪᠠᠯᠭᠠᠰᠤᠨ ᠤ ᠬᠡᠷᠡᠭᠵᠢᠬᠦᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠃ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠨᠢ 12 ᠳ᠋ᠤᠭᠠᠷ ᠰᠠᠷ᠎ᠠ ᠶᠢᠨ 5 ᠤ ᠡᠳᠦᠷ ᠠᠴᠠ ᠡᠮᠦᠨ᠎ᠡ᠂ 2025 ᠣᠨ ᠳᠤ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠨᠠᠷᠢᠨ ᠲᠠᠩᠰᠠ ᠪᠠᠨ ᠬᠤᠰᠢᠭᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠤᠭᠤᠯᠵᠤ᠂ ᠬᠤᠰᠢᠭᠤ ᠵᠠᠰᠠᠭ ᠤᠨ ᠣᠷᠳᠣᠨ ᠤ ᠠᠵᠢᠯ ᠢᠶᠠᠨ ᠨᠢᠭᠡᠳᠦᠯᠲᠡᠢ ᠪᠠᠶᠢᠷᠢᠯᠠᠭᠤᠯᠬᠤ ᠳᠤ ᠲᠥᠬᠦᠮ  ᠦᠵᠡᠬᠦᠯᠬᠦ ᠬᠡᠷᠡᠭᠳᠡᠢ᠃    ᠬᠠᠷᠢᠯᠴᠠᠬᠤ ᠠᠷᠭ᠎ᠠ᠄  ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ 212 ᠠᠯᠪᠠᠨ ᠭᠡᠷ    ᠬᠠᠷᠢᠯᠴᠠᠬᠤ ᠤᠳᠠᠰᠤ᠄ 3526634    ᠢᠮᠧᠯ᠄ xwqsatu@163.com    ᠳᠠᠭᠠᠯᠳᠤᠭᠤᠯᠤᠯ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ                     ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                              2024 ᠣᠨ ᠤ 11 ᠰᠠᠷ᠎ᠠ ᠶᠢᠨ  5 ᠤ ᠡᠳᠦᠷ  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号