︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠪᠠᠷᠠᠭᠤᠨ ᠦᠵᠦᠮᠦᠴᠢᠨ ᠬᠤᠰᠢᠭᠤ᠄ ᠬᠢᠨᠠᠨ ᠵᠥᠪᠰᠢᠶᠡᠷᠡᠬᠦ ᠶᠢ ᠠᠳᠬᠤᠵᠤ ᠪᠠᠲᠤᠯᠠᠭ᠎ᠠ ᠶᠢ ᠴᠢᠩᠭᠠᠳᠬᠠᠵᠤ ᠭᠤᠣᠯᠳᠠᠯᠭ᠎ᠠ ᠲᠠᠢ ᠲᠥᠷᠥᠯ ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2024/11/8
     ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠭᠯᠡᠯ᠂ ᠠᠵᠤ ᠦᠢᠯᠡᠰ ᠤᠨ ᠤᠳᠤᠷᠢᠳᠤᠮᠵᠢ᠂ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠰᠠᠯᠤᠯ ᠦᠭᠡᠢ ᠳᠠᠭᠠᠵᠤ᠂ ᠲᠥᠷᠥᠯ ᠵᠦᠢᠯ ᠢ ᠲᠦᠯᠬᠢᠨ ᠠᠬᠢᠭᠤᠯᠬᠤ ᠠᠴᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠪᠠ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠡᠷᠴᠢᠮ ᠢᠶᠠᠨ ᠴᠢᠩᠭᠠᠷᠠᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃     ᠦᠷᠭᠦᠯᠵᠢᠯᠡᠨ ᠪᠠᠶᠢᠭᠤᠯᠤᠭᠰᠠᠨ ᠠᠶᠢᠮᠠᠭ ᠤᠨ ᠳᠡᠰ ᠤᠨ ᠭᠤᠣᠯᠳᠠᠯᠭ᠎ᠠ  ᠲᠠᠢ ᠲᠥᠷᠥᠯ ᠵᠦᠢᠯ ᠤᠨ ᠫᠢᠩ ᠰᠢ ᠪᠠᠶᠠᠨᠬᠤᠸᠠ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠳᠠᠮᠵᠢᠭᠤᠯᠬᠤ ᠰᠢᠰᠲ᠋ᠧᠮ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠶ ᠳᠤ᠂ ᠰᠤᠷᠪᠤᠯᠵᠢᠯᠠᠭᠴᠢ ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠳᠤ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠪᠣᠰᠬᠠᠵᠤ ᠪᠠᠶᠢᠬᠤ ᠶᠢ ᠣᠯᠵᠤ ᠬᠠᠷᠠᠪᠠ᠂ ᠪᠠᠷᠢᠯᠭ᠎ᠠ ᠶᠢᠨ ᠠᠵᠢᠯᠲᠠᠳ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠢ ᠬᠠᠮᠠᠭᠠᠯᠠᠭᠴᠢ ᠶᠢᠨ ᠵᠢᠯᠣᠭᠤᠳᠤᠯᠭ᠎ᠠ ᠪᠠᠷ ᠬᠤᠶᠠᠳᠤᠭᠠᠷ ᠬᠡᠮᠬᠡᠯᠡᠬᠦ ᠦᠷᠳᠡᠭᠡ ᠶᠢᠨ ᠲᠣᠭᠤᠰᠣ ᠰᠡᠷᠭᠡᠶᠢᠯᠡᠬᠦ ᠪᠦᠰᠡ ᠶᠢ ᠤᠭᠰᠠᠷᠠᠬᠤ ᠠᠵᠢᠯ ᠢ ᠬᠢᠵᠦ ᠪᠤᠢ᠂ ᠡᠨᠡ ᠨᠢ ᠮᠥᠨᠴᠦ ᠨᠡᠭᠦᠷᠡᠰᠦ ᠳᠠᠮᠵᠢᠭᠤᠯᠬᠤ ᠰᠢᠰᠲ᠋ᠧᠮ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠤᠨ ᠬᠠᠮᠤᠭ ᠰᠡᠭᠦᠯᠴᠢ ᠶᠢᠨ ᠨᠢᠭᠡ ᠬᠡᠰᠡᠭ ᠪᠣᠯᠣᠨ᠎ᠠ᠃ ᠣᠲᠣ ᠪᠣᠯᠲᠠᠯ᠎ᠠ᠂ ᠪᠦᠬᠦ᠋ᠢᠯᠡ ᠲᠥᠷᠥᠯ ᠵᠦᠢᠯ ᠤᠨ  ᠬᠡᠮᠬᠡᠴᠡᠬᠦ ᠥᠷᠲᠡᠭᠡ᠂ ᠲᠣᠭᠤᠷᠢᠨ ᠪᠠᠶᠢᠴᠠᠭᠠᠬᠤ ᠮᠠᠰᠢᠨ ᠬᠥᠮᠥᠨ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠵᠡᠷᠭᠡ ᠬᠡᠰᠡᠭ  ᠎ ᠢ ᠨᠢᠭᠡᠨᠲᠡ ᠪᠦᠬᠦᠨ  ᠎ ᠢᠶᠠᠷ ᠨᠢ ᠪᠠᠶᠢᠭᠤᠯᠵᠤ ᠳᠠᠭᠤᠰᠬᠠᠭᠠᠳ᠂ ᠲᠤᠷᠰᠢᠨ ᠲᠣᠬᠢᠷᠠᠭᠤᠯᠬᠤ ᠱᠠᠲᠤᠨ ᠳᠤ ᠣᠷᠣᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠪᠣᠯᠣᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 1.5 ᠳ᠋ᠦᠩᠰᠢᠭᠤᠷ ᠲᠥᠭᠦᠷᠢᠭ ᠪᠠᠶᠢᠵᠤ᠂ 1.771 ᠺᠢᠯᠣᠮᠧᠲᠷ ᠣᠷᠳᠣ ᠥᠭᠡᠷᠡᠴᠢᠯᠡᠭᠳᠡᠵᠦ᠂ 3 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠰᠡᠷᠭᠦᠭᠡᠵᠡᠢ᠂ ᠲᠣᠰ ᠲᠥᠷᠥᠯ ᠵᠦᠢᠯ ᠪᠣᠯ ᠤᠤᠯ ᠤᠨ ᠨᠡᠭᠦᠷᠡᠰᠦ ᠳᠠᠮᠵᠢᠭᠤᠯᠬᠤ ᠰᠢᠰᠲ᠋ᠧᠮ ᠳᠤ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠬᠦ ᠶᠠᠪᠤᠳᠠᠯ ᠪᠣᠯᠣᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠥᠭᠡᠷᠡᠴᠢᠯᠡᠯᠲᠡ ᠳᠤ ᠴᠠᠭ ᠪᠦᠷᠢ ᠳᠤ 3500 ᠲᠣᠨ ᠨᠡᠭᠦᠷᠡᠰᠦ ᠬᠡᠮᠬᠡᠴᠢᠬᠦ ᠥᠷᠲᠡᠭᠡ  ᠶᠢ ᠰᠢᠨ᠎ᠡ ᠪᠠᠷ ᠪᠠᠶᠢᠭᠤᠯᠬᠤ  ᠶᠢ ᠪᠠᠭᠲᠠᠭᠠᠵᠤ᠂ ᠬᠡᠮᠬᠡᠴᠢᠬᠦ ᠦᠷ᠎ᠡ ᠪᠦᠲᠦᠮᠵᠢ ᠨᠢ ᠥᠭᠡᠷᠡᠴᠢᠯᠡᠬᠦ ᠠᠴᠠ ᠡᠮᠦᠨᠡᠬᠢ ᠴᠠᠭ ᠪᠦᠷᠢ ᠶᠢᠨ ᠬᠡᠮᠬᠡᠴᠢᠬᠦ 2000 ᠲᠣᠨ ᠨᠡᠭᠦᠷᠡᠰᠦ ᠪᠠᠶᠢᠭᠰᠠᠨ ᠠᠴᠠ ᠪᠠᠨ ᠴᠠᠭ ᠪᠦᠷᠢ ᠶᠢᠨ ᠬᠡᠮᠬᠡᠴᠢᠬᠦ 5500 ᠲᠣᠨ ᠨᠡᠭᠦᠷᠡᠰᠦ ᠪᠣᠯᠣᠨ ᠳᠡᠭᠡᠭᠰᠢᠯᠡᠵᠦ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠤᠶ ᠪᠦᠬᠦᠢ ᠨᠡᠭᠦᠷᠡᠰᠦᠨ ᠤ ᠲᠡᠭᠡᠭᠡᠪᠦᠷᠢ ᠶᠢᠨ ᠭᠤᠭᠴᠤᠭ᠎ᠠ ᠨᠢ ᠴᠥᠮ ᠪᠦᠬᠦ ᠶᠠᠪᠤᠴᠠ ᠶᠢᠨ ᠲᠥᠪᠯᠡᠷᠡᠭᠦᠯᠦᠨ ᠡᠵᠡᠮᠳᠡᠬᠦ ᠲᠥᠪ ᠲᠤ ᠬᠦᠷᠴᠦ ᠠᠵᠢᠯᠯᠠᠵᠤ ᠪᠣᠯᠣᠨ᠎ᠠ᠂ ᠲᠥᠪᠯᠡᠷᠡᠭᠦᠯᠦᠨ ᠡᠵᠡᠮᠳᠡᠬᠦ ᠲᠥᠪ ᠠᠴᠠ ᠪᠦᠬᠦ᠋ᠢᠯᠡ ᠨᠡᠭᠦᠷᠡᠰᠦ ᠳᠠᠮᠵᠢᠭᠤᠯᠬᠤ ᠪᠦᠰᠡ ᠶᠢᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠰᠢᠰᠲ᠋ᠧᠮ᠂ ᠭᠱᠠᠨ ᠵᠠᠭᠤᠷ᠎ᠠ ᠶᠢᠨ ᠭᠠᠷᠤᠯᠲᠠ ᠵᠢᠴᠢ 5 ᠬᠡᠮᠬᠡᠴᠢᠬᠦ ᠦᠷᠳᠡᠭᠡ ᠪᠣᠯᠣᠨ 25 ᠵᠤᠷᠪᠤᠰ ᠪᠦᠰᠡ ᠮᠠᠰᠢᠨ ᠵᠡᠷᠭᠡ ᠪᠦᠬᠦ᠋ᠢᠯᠡ ᠨᠡᠭᠦᠷᠡᠰᠦ ᠳᠠᠮᠵᠢᠭᠤᠯᠬᠤ ᠰᠢᠰᠲ᠋ᠧᠮ ᠤᠨ ᠲᠤᠬᠠᠢ ᠶᠢᠨ ᠴᠠᠭ ᠤᠨ ᠠᠵᠢᠯᠯᠠᠭᠠᠨ ᠤ ᠪᠠᠶᠢᠳᠠᠯ ᠢ ᠣᠯᠵᠤ ᠬᠠᠷᠠᠵᠤ᠂ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠰᠢᠰᠲ᠋ᠧᠮ ᠨᠢ ᠪᠦᠬᠦ ᠶᠠᠪᠤᠴᠠ ᠶᠢ ᠬᠢᠨᠠᠨ ᠡᠵᠡᠮᠳᠡᠵᠦ ᠪᠣᠯᠣᠨ᠎ᠠ᠂ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ ᠡᠵᠡᠮᠳᠡᠬᠦ ᠬᠥᠮᠥᠨ ᠦᠭᠡᠢ᠂ ᠲᠣᠭᠤᠷᠢᠨ ᠪᠠᠶᠢᠴᠠᠭᠠᠬᠤ ᠬᠥᠮᠥᠨ ᠲᠠᠢ ᠪᠠᠶᠢᠵᠤ᠂ ᠬᠥᠮᠥᠨ ᠴᠥᠭᠡᠨ ᠪᠣᠯ ᠠᠮᠤᠷ ᠲᠦᠪᠰᠢᠨ᠂ ᠬᠥᠮᠥᠨ ᠦᠭᠡᠢ ᠪᠣᠯ ᠠᠮᠤᠷ ᠲᠦᠪᠰᠢᠨ ᠪᠠᠶᠢᠬᠤ ᠬᠠᠷᠠᠯᠲᠠ ᠶᠢ ᠪᠡᠶᠡᠯᠡᠭᠦᠯᠵᠦ ᠪᠣᠯᠣᠨ᠎ᠠ᠃     ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠳᠡᠭᠡᠷ᠎ᠡ ᠭᠤᠷᠪᠠᠨ ᠤᠯᠠᠷᠢᠯ ᠳᠤ᠂ 79 ᠲᠥᠷᠥᠯ ᠵᠦᠢᠯ ᠢ ᠬᠢᠨᠠᠨ ᠬᠠᠷᠭᠤᠭᠤᠯᠵᠤ ᠪᠦᠷᠢᠳᠬᠡᠨ ᠳᠡᠩᠰᠡᠯᠡᠵᠦ᠂ 24.06 ᠳ᠋ᠦᠩᠰᠢᠭᠤᠷ ᠲᠥᠭᠦᠷᠢᠭ ᠤᠨ ᠪᠥᠬᠦ ᠪᠡᠯᠡ ᠣᠷᠣᠭᠤᠯᠤᠯᠲᠠ ᠳᠤ ᠬᠤᠯᠪᠣᠭᠳᠠᠵᠠᠢ᠃ ᠭᠤᠣᠯᠳᠠᠭᠤ ᠨᠡᠶᠢᠭᠡᠮ ᠤᠨ ᠠᠵᠢᠯ ᠦᠢᠯᠡᠰ ᠤᠨ ᠲᠥᠷᠥᠯ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠲᠥᠷᠥᠯ᠂ ᠠᠵᠤ ᠦᠢᠯᠡᠳᠪᠦᠷᠢ ᠶᠢᠨ ᠲᠥᠷᠥᠯ ᠵᠡᠷᠭᠡ ᠬᠦᠷᠢᠶ᠎ᠡ ᠴᠠᠷ᠎ᠠ ᠳᠤ ᠬᠤᠯᠪᠣᠭᠳᠠᠨ᠎ᠠ᠃ ᠡᠭᠦᠨ ᠤ ᠳᠣᠲᠣᠷ᠎ᠠ ᠬᠢᠨᠠᠨ ᠵᠥᠪᠰᠢᠶᠡᠷᠡᠬᠦ ᠵᠦᠢᠯᠡᠰ 25 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 9.56 ᠳ᠋ᠦᠩᠰᠢᠭᠤᠷ ᠲᠥᠭᠦᠷᠢᠭ ᠲᠤ  ᠬᠦᠷᠴᠦ  ᠂ 54 ᠲᠥᠷᠥᠯ ᠵᠦᠢᠯ ᠢ ᠳᠠᠩᠰᠠᠯᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 14.5 ᠳ᠋ᠦᠩᠰᠢᠭᠤᠷ ᠲᠥᠭᠦᠷᠢᠭ ᠲᠤ ᠬᠥᠷᠪᠡ᠃     ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠨᠢ ︽ᠲᠠᠪᠤᠨ ᠶᠡᠭᠡ ᠡᠭᠦᠷᠭᠡ︾᠎ ᠶᠢ  ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠠᠯᠢᠪᠠ ᠪᠦᠬᠦᠨ ᠲᠥᠷᠥᠯ ᠵᠦᠢᠯ ᠤᠨ ᠲᠣᠭᠤᠷᠢᠨ ᠳᠤ ᠰᠢᠯᠵᠢᠬᠦ᠂ ᠠᠯᠢᠪᠠ ᠪᠦᠬᠦᠨ ᠲᠥᠷᠥᠯ ᠵᠦᠢᠯ ᠤᠨ ᠲᠣᠭᠤᠷᠢᠨ ᠳᠤ ᠠᠵᠢᠯᠯᠠᠬᠤ︾ ᠵᠠᠷᠴᠢᠮ ᠢ ᠪᠠᠷᠢᠮᠲᠠᠯᠠᠨ᠂ ᠲᠥᠷᠥᠯ ᠵᠦᠢᠯ ᠢ ᠶᠡᠬᠡᠪᠡᠷ ᠠᠳᠬᠤᠬᠤ᠂ ᠲᠣᠮᠣ ᠲᠥᠷᠥᠯ ᠵᠦᠢᠯ ᠢ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ  ᠪᠣᠯᠭᠠᠵᠣ᠂ ᠡᠯ᠎ᠡ ᠲᠦᠷᠦᠭᠦᠯᠡᠨ ᠬᠢᠬᠦ ᠨᠢᠭᠡᠴᠡ ᠶᠢᠨ ᠵᠣᠯᠭᠠᠭᠤᠯᠤᠨ ᠬᠠᠷᠢᠯᠴᠠᠬᠤ ᠪᠠᠨ ᠴᠢᠩᠭᠠᠳᠬᠠᠬᠤ ᠶᠢ  ᠠᠬᠢᠭᠤᠯᠵᠣ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠂ ᠦᠢᠯᠡᠴᠢᠯᠡᠭᠡᠨ ᠤ ᠠᠵᠤ ᠠᠬᠤᠶᠢᠯᠠᠯ ᠳᠤ ︽ᠵᠠᠢ ᠵᠠᠪᠰᠠᠷ ᠦᠭᠡᠢ︾ ᠪᠠᠶᠢᠬᠤ ᠶᠢ ᠪᠡᠶᠡᠯᠡᠭᠦᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠠᠮᠲᠤᠷᠠᠨ ᠰᠢᠢᠳᠪᠦᠷᠢᠯᠡᠵᠦ᠂ ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠵᠦ᠂ ᠪᠠᠴᠢᠮ ᠶᠠᠪᠤᠳᠠᠯ ᠢ ᠲᠦᠷᠭᠡᠨ ᠰᠢᠢᠳᠪᠦᠷᠢᠯᠡᠵᠦ᠂ ᠲᠥᠷᠥᠯ ᠵᠦᠢᠯ ᠤᠨ ᠣᠷᠣᠵᠤ ᠰᠠᠭᠤᠬᠤ ᠳᠤ ︽ᠬᠠᠷᠰᠢ ᠰᠠᠭᠠᠳ ᠦᠭᠡᠢ︾ ᠪᠠᠶᠢᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠲᠦᠷᠭᠡᠨ ᠨᠠᠶᠢᠳᠠᠪᠤᠷᠢᠵᠢᠬᠤ᠂ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ ᠶᠢ  ᠪᠠᠲᠣᠯᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号