ᠪᠦᠦ ᠯᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ  ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/8
   11 ᠰᠠᠷ᠎ᠠ ᠶᠢᠨ 6 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠣᠣ ᠯᠢᠨ ᠪᠠᠯᠭᠠᠷᠭᠤᠣᠯ ᠪᠠᠯᠭᠠᠰᠤᠨ ᠳᠤ ᠭᠦᠨᠵᠡᠭᠡᠶᠢᠷᠡᠨ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠠᠴᠠ ᠰᠢᠢᠳᠪᠦᠷᠢᠯᠡᠭᠦᠯᠬᠦ ᠪᠠᠷ ᠳᠠᠭᠠᠭᠠᠯᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠴᠦ ᠪᠠᠶᠢᠴᠠᠭᠠᠨ ᠵᠢᠯᠣᠭᠤᠳᠪᠠ᠃    ᠪᠦᠦ ᠯᠢᠨ ᠪᠠᠯᠭᠠᠷᠭᠤᠣᠯ ᠪᠠᠯᠭᠠᠰᠤᠨ ᠤ ᠸᠠᠨ ᠱᠧᠩ ᠮᠢᠩ ᠶᠤᠸᠠᠨ ᠰᠠᠭᠤᠭᠠᠯᠢ ᠲᠣᠭᠤᠷᠢᠭ ᠤᠨ ᠬᠡᠰᠡᠭ ᠢᠳᠡᠭᠡᠨ ᠤᠮᠳᠠᠭᠠᠨ ᠤ ᠡᠵᠡᠩᠨᠡᠯᠲᠡ ᠶᠢᠨ ᠭᠤᠣᠯ ᠴᠣᠭᠴᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠢᠯᠭᠠᠳᠠᠰᠤ ᠭᠠᠳᠠᠭᠰᠢᠯᠠᠭᠤᠯᠬᠤ ᠴᠥᠬᠦᠷᠦᠮ ᠠᠴᠠ ᠦᠨᠦᠷ ᠭᠠᠷᠬᠤ᠂ ᠰᠢᠷᠠᠮᠠᠯ ᠢᠳᠡᠭᠡᠨ ᠤ ᠳᠡᠯᠭᠡᠭᠦᠷ ᠤᠨ ᠲᠣᠰᠣᠨ ᠣᠲᠤᠭ᠎ᠠ ᠵᠢᠴᠢ  ᠱᠤᠤᠭᠢᠶ᠎ᠠ ᠳᠠᠭᠤ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠭᠰᠡᠨ ᠵᠡᠷᠭᠡ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠵᠡᠩᠨᠡᠭᠴᠢ ᠶᠢᠨ ᠬᠠᠤᠯᠢ ᠶᠢ ᠣᠶᠢᠯᠠᠭᠠᠵᠤ ᠬᠠᠤᠯᠢ ᠶᠢ ᠰᠠᠬᠢᠨ᠂ ᠠᠰᠠᠭᠤᠳᠠᠯ ᠢ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃    ᠪᠦᠦ ᠯᠢᠨ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠢᠭᠡ ᠴᠣᠭᠴᠠᠵᠢᠭᠤᠯᠤᠨ ᠰᠤᠷᠤᠯᠴᠠᠨ ᠤᠬᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠶᠠᠯ ᠢᠶᠠᠷ ᠠᠷᠠᠳ ᠣᠯᠠᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠣᠨᠣᠪᠴᠢᠲᠠᠶ ᠢᠯᠡᠷᠡᠭᠦᠯᠬᠦ ᠶᠢᠨ ᠴᠢᠬᠤᠯᠠ ᠠᠷᠭ᠎ᠠ ᠵᠠᠮ ᠪᠣᠯᠭᠠᠵᠤ᠂ ᠱᠠᠭᠠᠷᠳᠠᠬᠤ ᠶᠢᠨ ᠳᠠᠭᠠᠤ ᠥᠭᠡᠷᠡᠴᠢᠯᠡᠬᠦ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠬᠤ ᠶᠢ ᠪᠠᠷᠢᠮᠲᠠᠯᠠᠨ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠳᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠤᠯᠠᠨ ᠲᠦᠮᠡᠨ ᠳᠤ ᠮᠡᠳᠡᠷᠡᠭᠦᠯᠬᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃    ᠬᠤᠰᠢᠭᠤ ᠤᠳᠤᠷᠢᠳᠤᠯᠭ᠎ᠠ ᠦ᠋ ᠪᠦᠦ ᠫᠢᠩ᠂ ᠵᠣᠣ ᠭᠦᠸᠧ ᠳ᠋ᠦᠩ᠂ ᠦ᠋ ᡁᠢ ᠴᠢᠶᠠᠩ᠂  ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号