ᠬᠠᠤᠯᠢ ᠴᠠᠭᠠᠵᠠ ᠶᠢᠨ ᠲᠤᠰᠠᠯᠠᠮᠵᠢ ᠪᠠᠷ ᠥᠷᠭᠡᠨ ᠣᠯᠠᠨ ᠲᠦᠮᠡᠨ ᠳᠤ ᠦᠨᠡᠨᠬᠦ ᠠᠰᠢᠭ ᠬᠦᠷᠲᠡᠭᠡᠵᠦ᠂ ᠪᠥᠬᠦ | ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ | ᠠᠬᠢᠭᠤᠯᠬᠤ ᠶᠢᠨ ᠲᠤᠰᠠᠳᠠ᠂ ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠲᠥᠪ ᠨᠢ ︽ᠨᠢᠭᠡ ᠬᠡᠷᠡᠭ ᠢ ᠨᠢᠭᠡ ᠦᠨᠡᠯᠡᠬᠦ︾᠂ ᠪᠤᠯᠪᠠᠰᠣᠷᠠᠯ ᠢ ᠴᠢᠩᠭᠠᠳᠬᠠᠬᠤ᠂ ᠦᠨᠡᠯᠡᠨ ᠵᠢᠱᠢᠭᠰᠡᠨ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠡᠮᠵᠢᠨ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠦᠭᠰᠡᠨ | ᠪᠠᠶᠢᠨ᠎ᠠ᠃ | ᠡᠨᠡ ᠵᠢᠯ ᠠᠴᠠ ᠨᠠᠰᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠰᠢᠢᠳᠪᠦᠷᠢᠯᠡᠬᠦ ᠵᠠᠩᠭᠢᠯᠠᠭ᠎ᠠ ᠶᠢᠨ | ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ︽ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠦᠨᠡᠯᠡᠨ ᠵᠢᠱᠢᠬᠦ ᠳᠦᠷᠢᠮ︾ ︽ᠡᠷᠡᠭᠦᠦ ᠶᠢᠨ ᠬᠡᠷᠡᠭ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠦᠨᠡᠯᠡᠨ ᠵᠢᠱᠢᠬᠦ ᠳᠦᠷᠢᠮ︾ ᠳᠤ ᠴᠢᠭᠯᠡᠭᠦᠯᠦᠨ᠂ ᠬᠡᠷᠡᠭ | ᠰᠢᠢᠳᠪᠦᠷᠢᠯᠡᠬᠦ ᠶᠠᠪᠤᠴᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠭᠤᠷᠪᠠᠳᠠᠭᠢ ᠡᠲᠡᠭᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ ᠦᠨᠡᠯᠡᠨ ᠵᠢᠱᠢᠬᠦ ᠲᠣᠭᠲᠠᠴᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ | ᠴᠢᠨᠠᠷ ᠪᠠ ᠨᠥᠬᠦᠪᠦᠷᠢ ᠶᠢ ᠬᠤᠯᠪᠣᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠬᠡᠷᠡᠭ ᠤᠨ ᠶᠠᠰᠤ ᠴᠢᠨᠠᠷ ᠢ | ᠬᠠᠷᠢᠭᠤ ᠲᠤᠰᠬᠠᠬᠤ ᠬᠤᠷᠠᠯ ᠢ ᠬᠤᠷᠠᠯᠳᠤᠭᠤᠯᠵᠤ᠂ ᠬᠡᠷᠡᠭ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠳᠤ ᠦᠨᠡᠯᠡᠯᠲᠡ ᠬᠢᠵᠦ ᠬᠠᠷᠢᠭᠤ ᠲᠤᠰᠬᠠᠨ᠂ ᠬᠡᠷᠡᠭ ᠢ ᠦᠨᠡᠯᠡᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ | ᠠᠰᠠᠭᠤᠳᠠᠯ ᠢ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠬᠥᠮᠥᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠤᠨ | ᠪᠣᠯᠪᠠᠰᠣᠷᠠᠯ ᠤᠨ ᠡᠷᠴᠢᠮ ᠢ ᠴᠢᠩᠭᠠᠳᠬᠠᠵᠤ ᠂ ᠲᠡᠳᠡᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠡᠢ᠃ ᠣᠳᠣᠬᠠᠨ | ᠪᠣᠯᠲᠠᠯ᠎ᠠ᠂ ᠨᠢᠭᠡ ᠠᠴᠠ ᠭᠤᠷᠪᠠᠳᠤᠭᠠᠷ ᠤᠯᠠᠷᠢᠯ ᠳᠤ ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 275 | ᠦᠨᠡᠯᠡᠨ ᠪᠠᠶᠢᠴᠠᠭᠠᠵᠤ᠂ ᠬᠡᠷᠡᠭ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ | ᠣᠯᠣᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ | ᠨᠢ ᠬᠥᠳᠡᠯᠦᠩᠭᠦᠢ ᠬᠠᠮᠢᠶᠠᠷᠤᠯᠲᠠ᠂ ᠪᠥᠬᠦ ᠶᠠᠪᠤᠴᠠ ᠶᠢ ᠵᠢᠷᠦᠮᠵᠢᠭᠦᠯᠬᠦ᠂ ᠪᠠᠶᠢᠩᠭᠤᠵᠢᠭᠤᠯᠤᠨ ᠦᠨᠡᠯᠡᠨ ᠵᠢᠱᠢᠬᠦ ᠶᠢ | ᠦᠷᠭᠦᠯᠵᠢᠯᠡᠨ ᠠᠬᠢᠭᠤᠯᠵᠤ᠂ ᠦᠢᠯᠡᠴᠢᠯᠡᠭᠡᠨ ᠤ ᠳᠠᠯᠳᠠ ᠴᠢᠳᠠᠪᠤᠷᠢ ᠶᠢ ᠭᠦᠨᠵᠡᠭᠡᠢ ᠠᠭᠤᠳᠠᠯᠵᠤ᠂ ᠣᠯᠠᠨ ᠲᠦᠮᠡᠨ ᠤ ᠡᠳᠦᠷ | ᠢᠷᠡᠬᠦᠶ᠎ᠡ ᠣᠯᠠᠨ ᠡᠰᠢᠵᠢᠵᠦ ᠪᠠᠶᠢᠭ᠎ᠠ ᠬᠠᠤᠯᠢ ᠴᠠᠭᠠᠵᠠ ᠶᠢᠨ ᠬᠦᠰᠡᠯ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠪᠥᠬᠦ | ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠰ ᠲᠤ ᠲᠠᠰᠤᠷᠠᠯᠲᠠ ᠦᠭᠡᠢ ᠬᠥᠳᠡᠯᠭᠡᠬᠦ ᠬᠦᠴᠦᠨ | ᠨᠡᠮᠡᠷᠢᠯᠡᠬᠦ ᠪᠠᠷ ᠪᠣᠢ᠃ | |