ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠣᠯ ︽ᠲᠠᠪᠤᠨ ᠶᠡᠭᠡ ᠡᠭᠦᠷᠭᠡ︾ ᠶᠢ ᠨᠠᠩ ᠰᠠᠶᠢᠨ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ | ᠬᠤᠰᠢᠭᠤ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠭᠰᠡᠨ ᠪᠠᠶᠢᠨ᠎ᠠ᠃ | ᠡᠪᠦᠯ ᠣᠷᠣᠭᠰᠠᠨ ᠠᠴᠠ ᠨᠠᠰᠢ᠂ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠪᠦᠬᠦ | ᠬᠦᠴᠦᠨ ᠢᠶᠠᠷ ᠢᠶᠠᠨ ᠦᠢᠯᠡᠳᠪᠦᠷᠢᠯᠡᠯ ᠢᠶᠠᠨ ᠠᠬᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠲᠥᠰᠥᠯ ᠢᠶᠠᠨ ᠲᠡᠭᠦᠯᠳᠡᠷᠵᠢᠭᠦᠯᠵᠦ᠂ ᠨᠡᠭᠦᠷᠡᠰᠦᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠣᠯᠠᠵᠣ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ᠂ ᠨᠡᠭᠦᠷᠡᠰᠦ ᠶᠢ | ᠡᠳ᠋ᠰᠢᠭᠦᠯᠦᠨ ᠬᠠᠳᠠᠭᠠᠯᠠᠬᠤ ᠪᠠ ᠲᠦᠷᠭᠡᠨ ᠪᠥᠭᠡᠳ ᠬᠡᠮᠵᠢᠶ᠎ᠡ ᠲᠠᠢ ᠪᠠᠷ ᠠᠴᠢᠶᠠᠯᠠᠬᠤ ᠥᠷᠲᠡᠭᠡ ᠵᠡᠷᠭᠡ | ᠭᠤᠣᠯᠳᠠᠯᠭ᠎ᠠ ᠲᠠᠢ ᠦᠢᠯᠡᠳᠪᠦᠷᠢᠯᠡᠯ ᠤᠨ ᠭᠤᠭᠴᠤᠭ᠎ᠠ ᠳᠤ᠂ ᠲᠤᠰᠬᠠᠢ ᠬᠥᠮᠥᠨ ᠪᠣᠳᠠᠲᠠᠢ ᠠᠵᠢᠯ ᠨᠢᠭᠡᠪᠦᠷᠢ ᠶᠢ | ᠬᠠᠷᠢᠭᠤᠴᠠᠵᠤ ᠪᠠᠶᠢᠬᠤ ᠶᠢ ᠣᠯᠵᠣ ᠬᠠᠷᠠᠪᠠ᠃ | ᠣᠶᠢᠷ᠎ᠠ ᠶᠢᠨ ᠵᠢᠯ ᠠᠴᠠ ᠨᠠᠰᠢ᠂ ᠲᠤᠰ ᠺᠣᠮᠫᠠᠨᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠲᠤᠶᠢᠯ ᠤᠨ ᠶᠡᠭᠡ ᠪᠠᠷ ᠠᠬᠢᠭᠤᠯᠵᠤ᠂ 7000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠣᠳᠣᠬᠢᠴᠢᠯᠠᠭᠰᠠᠨ ᠣᠶᠤᠨᠴᠢᠯᠠᠭᠰᠠᠨ ᠵᠠᠳᠠᠭᠠᠢ ᠠᠭᠤᠷᠬᠠᠢ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ | ᠭᠤᠣᠯᠳᠠᠯᠭ᠎ᠠ ᠲᠠᠢ ᠨᠡᠭᠦᠷᠡᠰᠦ ᠳᠠᠮᠵᠢᠭᠤᠯᠬᠤ ᠭᠤᠮ ᠪᠦᠰᠡ ᠶᠢᠨ ᠰᠢᠰᠲ᠋ᠧᠮ᠂ ᠨᠡᠭᠦᠷᠡᠰᠦ ᠳᠠᠮᠵᠢᠭᠤᠯᠬᠤ ᠣᠷᠣᠨ | ᠪᠦᠰᠡ ᠶᠢᠨ ᠳᠠᠭᠠᠯᠲᠠ ᠲᠥᠬᠦᠭᠡᠷᠦᠮᠵᠢ᠂ ᠨᠡᠭᠦᠷᠡᠰᠦ ᠭᠠᠷᠭᠠᠬᠤ ᠲᠡᠭᠡᠭᠡᠪᠦᠷᠢ ᠶᠢᠨ ᠲᠡᠷᠭᠡ ᠬᠥᠰᠬᠡ ᠵᠡᠷᠭᠡ ᠳᠤ 24 | ᠴᠠᠭ ᠢᠶᠠᠷ ᠲᠠᠰᠤᠷᠠᠯᠲᠠ ᠦᠭᠡᠢ ᠲᠣᠭᠤᠷᠢᠨ ᠪᠠᠶᠢᠴᠠᠭᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ | ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ 40 ᠲᠦᠮᠡᠨ ᠲᠣᠨ ᠤ ᠪᠢᠲᠡᠭᠦᠮᠵᠢᠯᠡᠭᠰᠡᠨ ᠨᠡᠭᠦᠷᠡᠰᠦ | ᠬᠠᠳᠠᠭᠠᠯᠠᠬᠤ ᠲᠠᠯᠠᠪᠠᠶ ᠳᠤ᠂ ᠬᠤᠶᠠᠷ ᠤᠳᠬᠤᠭᠤᠷ ᠬᠦᠷᠳᠦᠲᠦ ᠬᠥᠮᠥᠨ ᠦᠭᠡᠢ ᠠᠦ᠋ᠲᠴᠢᠯᠠᠭᠰᠠᠨ ᠣᠪᠣᠭᠠᠯᠠᠬᠤ | ᠮᠠᠰᠢᠨ ᠨᠢ ᠪᠠᠶᠢᠴᠠᠭᠠᠨ ᠰᠢᠯᠭᠠᠬᠤ᠂ ᠰᠢᠷᠪᠢᠬᠦ᠂ ᠣᠷᠣᠨ ᠪᠠᠶᠢᠷᠢ ᠲᠣᠭᠲᠠᠭᠠᠬᠤ᠂ ᠬᠠᠷᠭᠤᠭᠤᠯᠬᠤ᠂ ᠠᠮᠤᠷ | ᠲᠦᠪᠰᠢᠨ ᠢ ᠬᠠᠮᠠᠭᠠᠯᠠᠬᠤ᠂ ᠳᠡᠭᠡᠳᠦ ᠲᠣᠳᠣ ᠬᠠᠷᠠᠭᠠᠨ ᠳᠠᠪᠲᠠᠮᠵᠢ ᠪᠠᠷ ᠬᠢᠨᠠᠨ ᠠᠵᠢᠭᠯᠠᠬᠤ ᠵᠡᠷᠭᠡ | ᠲᠥᠬᠦᠭᠡᠷᠦᠮᠵᠢ ᠪᠠᠷ ᠳᠡᠮᠵᠢᠨ᠂ ᠪᠥᠬᠦ ᠶᠠᠪᠤᠴᠠ ᠶᠢ ᠠᠦ᠋ᠲ᠋ᠣᠴᠢᠯᠠᠨ ᠠᠵᠢᠯᠯᠠᠬᠤ ᠪᠠ ᠠᠯᠤᠰ ᠠᠴᠠ ᠬᠢᠨᠠᠨ | ᠬᠠᠮᠢᠶᠠᠷᠬᠤ ᠶᠢ ᠪᠡᠶᠡᠯᠡᠭᠦᠯᠪᠡ︔ ᠡᠨᠡ ᠨᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠥᠬᠦ ᠶᠠᠪᠤᠴᠠ ᠶᠢ ᠠᠦ᠋ᠲ᠋ᠣᠴᠢᠯᠠᠨ ᠬᠢᠬᠦ ᠪᠠ ᠠᠯᠤᠰ ᠠᠴᠠ ᠬᠢᠨᠠᠨ | ᠬᠠᠮᠢᠶᠠᠷᠬᠤ ᠶᠢ ᠪᠡᠶᠡᠯᠡᠭᠦᠯᠪᠡ︔ ᠡᠨᠡ ᠵᠢᠯ ᠲᠣᠰ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠠᠦ᠋ᠲ᠋ᠣ᠋ | ᠠᠴᠢᠶᠠᠯᠠᠪᠤᠷᠢ ᠶᠢᠨ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠴᠣ᠋ ᠰᠢᠨ᠎ᠡ ᠬᠥᠮᠥᠨ ᠮᠠᠰᠢᠨ ᠤ | ᠰᠣᠯᠢᠯᠴᠠᠭᠠᠨ ᠤ ᠰᠢᠰᠲ᠋ᠧᠮ ᠢ ᠬᠡᠷᠡᠭᠯᠡᠨ᠂ ᠺᠣᠮᠫᠠᠨᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ | ᠲᠣᠭᠲᠠᠭᠤᠨ ᠢᠶᠠᠷ ᠶᠠᠪᠤᠭᠳᠠᠬᠤ ᠶᠢ ᠪᠦᠲᠦᠮᠵᠢᠲᠡᠶ ᠪᠠᠲᠤᠯᠠᠪᠠ᠃ | ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ | ᠬᠡᠯᠲᠡᠰ ᠤᠨ ᠡᠷᠬᠢᠯᠡᠭᠴᠢ ᠯᠧᠩ ᠰᠢᠤᠸᠠᠢ ᠹᠧᠩ: ︽ᠣᠳᠣ ᠪᠤᠯ ᠶᠠᠭ ᠰᠠᠶᠢᠬᠠᠨ ᠨᠡᠭᠦᠷᠡᠰᠦ ᠬᠡᠷᠡᠭᠯᠡᠬᠦ ᠪᠠ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠵᠠᠩᠭᠢᠯᠭ᠎ᠠ ᠶᠢᠨ ᠴᠠᠭ ᠦᠶ᠎ᠡ ᠪᠤᠯᠤᠨ᠎ᠠ᠂ ᠮᠠᠨ ᠤ ᠺᠣᠮᠫᠠᠨᠢ ᠨᠢ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠶᠢ ᠣᠳᠣᠬᠠᠨ ᠤ ᠴᠢᠬᠤᠯᠠ ᠡᠭᠦᠷᠬᠡ ᠪᠠᠨ ᠪᠤᠯᠭᠠᠵᠤ᠂ ᠨᠡᠭᠦᠷᠡᠰᠦᠨ ᠤ | ᠬᠠᠩᠭᠠᠯᠭ᠎ᠠ ᠶᠢ ᠪᠠᠲᠣᠯᠠᠬᠤ ᠲᠣᠰᠬᠠᠢ ᠠᠩᠭᠢ ᠳᠣᠬᠢᠷᠠᠭᠤᠯᠵᠣ᠂ ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ᠂ | ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠲᠠᠯᠠᠡᠴᠡ | ᠬᠠᠩᠭᠠᠯᠭ᠎ᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠳᠣᠭᠲᠠᠭᠠᠵᠣ᠂ ᠲᠣᠭᠲᠠᠮᠠᠯ ᠬᠤᠭᠤᠴᠠᠭ᠎ᠠ ᠲᠠᠢ ᠪᠠᠷ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠲᠤᠰᠬᠠᠢ ᠵᠣᠬᠢᠴᠠᠭᠤᠯᠬᠤ ᠬᠤᠷᠠᠯ ᠬᠤᠷᠠᠯᠳᠣᠭᠤᠯᠵᠣ᠂ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠡᠯ᠎ᠡ ᠵᠦᠢᠯ ᠤᠨ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠪᠠᠲᠣᠯᠠᠵᠣ᠂ ᠣᠳᠣᠬᠠᠨ ᠳᠤ | ᠨᠡᠭᠦᠷᠡᠰᠦᠨ ᠤ ᠦᠢᠯᠡᠳᠪᠦᠷᠢᠯᠡᠯ ᠤᠨ ᠡᠯ᠎ᠡ ᠰᠢᠰᠲ᠋ᠧᠮ ᠤᠨ ᠲᠥᠬᠦᠭᠡᠷᠦᠮᠵᠢ ᠶᠢ ᠪᠦᠬᠦᠨ ᠢᠶᠠᠷ ᠨᠢ ᠠᠵᠢᠯᠯᠠᠭᠤᠯᠵᠤ᠂ | ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠣᠯᠠᠵᠣ ᠪᠠᠶᠢᠨ᠎ᠠ︾ ᠭᠡᠯᠡ᠃ | | ᠣᠶᠢᠯᠠᠭᠠᠭᠰᠠᠨ ᠢᠶᠠᠷ᠂ ᠪᠠᠶᠠᠨᠬᠤᠸᠠ ᠮᠧᠩ ᠳ᠋ᠦᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠵᠢᠯ ᠤᠨ | ᠦᠢᠯᠡᠳᠪᠦᠷᠢᠯᠡᠯ ᠤᠨ ᠬᠡᠮᠵᠢᠶ᠎ᠡ ᠨᠢ 1600 ᠲᠦᠮᠡᠨ ᠲᠣᠨ ᠪᠠᠶᠢᠵᠤ᠂ ᠥᠪᠥᠷ ᠮᠣᠩᠭᠤᠯ ᠤᠨ ᠵᠡᠭᠦᠨ ᠬᠡᠰᠡᠭ ᠣᠷᠣᠨ | ᠪᠣᠯᠣᠨ ᠯᠢᠶᠣᠤᠨᠢᠩ ᠮᠤᠵᠢ᠂ ᠭᠢᠷᠢᠨ ᠮᠤᠵᠢ ᠵᠡᠷᠭᠡ ᠵᠡᠭᠦᠨ ᠬᠤᠶᠢᠲᠤ ᠣᠷᠣᠨ ᠤ ᠴᠠᠬᠢᠯᠭᠠᠨ ᠬᠦᠴᠦᠨ ᠤ ᠠᠵᠤ | ᠠᠬᠤᠶᠢᠯᠠᠯ᠂ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠰᠢᠲᠠᠭᠠᠯᠭ᠎ᠠ ᠶᠢᠨ ᠬᠠᠩᠭᠠᠯᠭ᠎ᠠ ᠶᠢᠨ ᠡᠭᠦᠷᠭᠡ | ᠵᠢᠴᠢ ᠣᠯᠠᠨ ᠭᠠᠵᠠᠷ ᠣᠷᠣᠨ ᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠪᠠ ᠢᠯᠴᠢ ᠬᠠᠩᠭᠠᠬᠤ ᠬᠡᠷᠡᠭᠴᠡᠭᠡ ᠶᠢ | ᠡᠭᠦᠷᠭᠡᠯᠡᠵᠦ᠂ ᠣᠲᠣ ᠪᠣᠯᠲᠠᠯ᠎ᠠ ᠲᠣᠰ ᠠᠭᠤᠷᠬᠠᠢ ᠶᠢᠨ ᠨᠡᠭᠦᠷᠡᠰᠦᠨ ᠤ ᠦᠢᠯᠡᠳᠪᠦᠷᠢᠯᠡᠯ ᠤᠨ ᠬᠡᠮᠵᠢᠶ᠎ᠡ ᠨᠢᠭᠡᠨᠲᠡ | 1446 ᠲᠦᠮᠡᠨ ᠲᠣᠨ᠂ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ ᠨᠢ 1326 ᠭᠠᠷᠤᠢ ᠲᠦᠮᠡᠨ ᠲᠣᠨ ᠳᠤ ᠬᠦᠷᠴᠡᠢ᠃ | | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠨᠡᠭᠦᠷᠡᠰᠦᠨ ᠤ ︽ᠰᠠᠭᠤᠷᠢ | ᠴᠢᠯᠠᠭᠤ︾ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ᠂ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠬᠢᠵᠦ᠂ ᠨᠡᠭᠦᠷᠡᠰᠦᠨ ᠤ ᠲᠣᠭᠲᠠᠭᠤᠨ | ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠪᠤᠢ᠃ | ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠯᠠᠭᠠᠨ ᠤ ᠳᠤᠮᠳᠠ ᠨᠡᠭᠦᠷᠡᠰᠦᠨ ᠠᠭᠤᠷᠬᠠᠢ ᠶᠢᠨ | ᠨᠡᠭᠦᠷᠡᠰᠦᠨ ᠤ ᠵᠢᠯ ᠤᠨ ᠭᠠᠷᠤᠯᠲᠠ 6000 ᠲᠦᠮᠡᠨ ᠲᠣᠨ ᠢ ᠳᠠᠪᠠᠵᠠᠢ᠃ | |