《​ ᠣᠮᠠᠷ᠎ᠠ ᠶᠢᠨ ᠴᠡᠩᠬᠡᠷ ᠠᠶᠠᠯᠭᠤ 》ᠬᠡᠦᠭᠡᠳ ᠪᠠᠭᠠᠴᠣᠳ ᠤᠨ ᠦᠵᠦᠮᠦᠴᠢᠨ  ᠣᠷᠳᠣ ᠶᠢᠨ ᠲᠠᠭᠤᠨ ᠤ ᠰᠢᠨ᠎ᠡ ᠣᠨ ᠤ ᠲᠣᠭᠯᠠᠯᠲᠠ ᠶᠠᠪᠣᠭᠳᠠᠯ᠎ᠠ
ᠨᠡᠶᠢᠲᠡᠯᠡᠭᠰᠡᠨ ᠴᠠᠭ᠄
2024/12/12
    12 ᠰᠠᠷ᠎ᠠ ᠶᠢᠨ 7 ᠤ ᠡᠳᠦᠷ᠂  ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠠᠴᠠ ᠭᠤᠣᠯᠯᠠᠨ ᠡᠷᠬᠢᠯᠡᠵᠦ᠂ ᠪᠠᠷᠠᠭᠤᠨ ᠦᠵᠦᠮᠦᠴᠢᠨ  ᠬᠤᠰᠢᠭᠤᠨ ᠤ ᠰᠣᠶᠣᠯ ᠵᠢᠭᠤᠯᠴᠢᠯᠠᠯ   ᠤᠨ ᠠᠵᠢᠯ ᠦᠢᠯᠡᠰ ᠢ ᠬᠦᠭᠵᠢᠬᠦᠯᠬᠦ ᠲᠦᠪ᠂ ᠰᠣᠶᠣᠯ ᠤᠨ ᠣᠷᠳᠣᠨ᠂ ᠬᠠᠮ ᠵᠠᠭᠤᠴᠢᠯᠠᠭᠤᠷ ᠤᠨ ᠲᠦᠪ ᠠᠴᠠ ᠲᠠᠭᠠᠭᠠᠴᠢᠯᠠᠨ ᠡᠷᠬᠢᠯᠡᠵᠦ᠂ ᠵᠠᠯᠠᠭᠤᠴᠣᠳ ᠪᠠᠭᠠᠴᠣᠳ ᠤᠨ ᠬᠦᠳᠡᠯᠭᠡᠭᠡᠨ ᠤ ᠲᠦᠪ᠂ ︿ᠣᠷᠠᠨ ᠲᠣᠣᠯᠢᠶᠠᠨ﹀ ᠬᠡᠦᠭᠡᠳ ᠪᠠᠭᠠᠴᠣᠳ ᠤᠨ ᠣᠷᠳᠣ ᠶᠢᠨ ᠲᠠᠭᠤᠨ ᠤ ᠪᠣᠯᠪᠠᠰᠣᠷᠠᠯ ᠤᠨ ᠠᠩᠬᠢ ᠠᠴᠠ ᠬᠠᠮᠳᠣᠷᠠᠨ ᠡᠷᠬᠢᠯᠡᠭᠰᠡᠨ ︿ᠣᠮᠠᠷ᠎ᠠ ᠶᠢᠨ ᠴᠡᠩᠭᠡᠷ ᠠᠶᠠᠯᠭᠤ﹀ ᠬᠡᠦᠭᠡᠳ ᠪᠠᠭᠠᠴᠣᠳ ᠤᠨ ᠦᠵᠦᠮᠦᠴᠢᠨ ᠣᠷᠳᠣ ᠶᠢᠨ ᠲᠠᠭᠤᠨ ᠤ ᠰᠢᠨ᠎ᠡ ᠣᠨ ᠤ ᠲᠣᠭᠯᠠᠯᠲᠠ ᠶᠢᠨ ᠰᠢᠩᠭᠡᠭᠡᠨ ᠦᠢᠯᠡᠳᠬᠦ ᠠᠵᠢᠯ ᠣᠷᠣᠭᠰᠢᠳᠠᠢ ᠶᠠᠪᠣᠭᠳᠠᠯ᠎ᠠ᠃
   ᠲᠣᠭᠯᠠᠯᠲᠠ ᠨᠢ ᠪᠠᠭᠠᠴᠣᠳ ᠤᠨ ᠵᠠᠩᠭᠠᠷ ᠤᠨ ᠬᠦᠭᠵᠢᠶᠡᠨ ᠲᠠᠢ ᠰᠠᠶᠢᠬᠠᠨ ᠠᠶᠠᠯᠭᠤ ᠪᠠᠷ ᠬᠦᠰᠢᠭᠡ ᠪᠠᠨ ᠰᠡᠬᠦᠵᠦ᠂ ᠣᠷᠳᠣ ᠶᠢᠨ ᠲᠠᠭᠤᠣ ᠪᠠᠨ ᠰᠣᠷᠴᠣ ᠣᠯᠠᠮᠵᠢᠯᠠᠵᠣ ᠪᠠᠶᠢᠭ᠎ᠠ ᠰᠣᠷᠣᠭᠴᠢ ᠪᠠᠭᠠᠴᠣᠳ ᠠᠴᠠ ︿ᠰᠠᠷᠠᠭᠤᠯ ᠲᠠᠯ᠎ᠠ﹀᠂ ︿ ᠪᠣᠯᠠᠭᠠᠨ ᠲᠣᠬᠤᠢ ᠨᠣᠳᠤᠭ﹀᠂ ︿ ᠨᠠᠷᠢᠨ ᠬᠦᠭᠡ﹀᠂ ︿ᠲᠦᠭᠦᠷᠡᠩᠵᠠᠨ᠎ᠠ﹀ ᠵᠡᠷᠭᠡ ᠦᠵᠦᠮᠦᠴᠢᠨ ᠠᠷᠠᠳ ᠤᠨ ᠣᠷᠳᠣ ᠶᠢᠨ ᠲᠠᠭᠤᠣ ᠪᠠᠨ ᠲᠠᠶᠢᠰᠠᠨ᠎ᠠ ᠲᠠᠭᠤᠯᠠᠵᠣ᠂ ᠣᠷᠳᠣ ᠶᠢᠨ ᠲᠠᠭᠤᠣ ᠪᠠᠨ ᠰᠣᠷᠴᠦ ᠣᠯᠠᠮᠵᠢᠯᠠᠵᠣ ᠪᠠᠶᠢᠭ᠎ᠠ ᠪᠠᠶᠢᠳᠠᠯ᠂ ᠵᠢᠭᠠᠨ ᠵᠢᠯᠣᠭᠤᠳᠴᠣ ᠪᠠᠶᠢᠭ᠎ᠠ ᠪᠠᠭᠰᠢᠨᠠᠷ ᠤᠨ ᠢᠶᠠᠨ ᠵᠢᠳᠬᠦᠯ ᠴᠢᠷᠮᠠᠶᠢᠯᠭ᠎ᠠ ᠶᠢ ᠦᠵᠡᠭᠴᠢᠳ᠂ ᠭᠡᠷ ᠤᠨ ᠠᠬᠠᠮᠠᠳ ᠨᠠᠷ ᠲᠠᠭᠠᠨ ᠬᠠᠷᠢᠭᠤ ᠮᠡᠳᠡᠭᠦᠯᠦᠯᠲᠡ ᠪᠣᠯᠭᠠᠨ ᠬᠠᠷᠠᠭᠤᠯᠬᠤ ᠶᠢᠨ ᠬᠠᠮᠳᠣ ᠰᠢᠨ᠎ᠡ ᠣᠨ ᠤ ᠪᠡᠯᠡᠭ ᠪᠣᠯᠭᠠᠨ ᠪᠠᠷᠢᠯ᠎ᠠ᠃
   ᠡᠨᠡᠬᠦ ᠣᠳᠠᠭᠠᠨ ᠤ ᠲᠣᠭᠯᠠᠯᠲᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠤᠰᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠤᠳᠠᠰ ᠤᠨ ᠪᠤᠰᠤ ᠰᠣᠶᠣᠯ  ᠤᠨ ᠥᠪ ᠶᠢ ᠬᠠᠮᠠᠭᠠᠯᠠᠨ ᠬᠦᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠠᠨ ᠰᠤᠷᠤᠯᠴᠠᠨ ᠲᠣᠣᠱᠯᠠᠭᠤᠯᠵᠣ᠂ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠬᠥᠭᠵᠢᠭᠦᠯᠦᠨ ᠰᠣᠶᠣᠯ ᠤᠨ ᠢᠳᠡᠭᠡᠯ ᠢ ᠨᠡᠮᠡᠭᠳᠡᠭᠦᠯᠬᠦ ᠵᠣᠷᠢᠭ ᠰᠠᠨᠠᠭᠠᠨ ᠤ ᠲᠣᠭᠤᠷᠢᠨ ᠳᠤ ᠦᠵᠦᠮᠦᠴᠢᠨ ᠤᠷᠲᠤ  ᠶᠢᠨ ᠲᠠᠭᠤᠣ ᠪᠠᠨ ᠥᠪᠯᠡᠨ ᠤᠯᠠᠮᠵᠢᠯᠠᠬᠤ ᠠᠵᠢᠯ ᠤᠨ ᠨᠢᠭᠡᠨ ᠠᠭᠤᠯᠭ᠎ᠠ ᠪᠣᠯᠭᠠᠨ ᠶᠠᠪᠣᠭᠳᠠᠵᠣ ᠣᠷᠳᠣ ᠶᠢᠨ ᠲᠠᠭᠤᠣ ᠶᠢ ᠰᠣᠷᠭᠠᠭᠤᠯᠢ ᠶᠢᠨ ᠬᠦᠷᠢᠶᠠᠨ ᠳᠤ ᠣᠷᠣᠭᠤᠯᠬᠤ᠂ ᠦᠪᠯᠡᠨ ᠣᠯᠠᠮᠵᠢᠯᠠᠬᠤ ᠠᠵᠢᠯ ᠤᠨ ᠨᠢᠭᠡᠨ ᠦᠷ᠎ᠡ ᠪᠦᠳᠦᠮᠵᠢ ᠶᠢ ᠬᠠᠷᠠᠭᠤᠯᠣᠭᠰᠠᠨ ᠪᠠᠶᠢᠨ᠎ᠠ᠃
    ︿ᠣᠮᠠᠷ᠎ᠠ ᠶᠢᠨ ᠴᠡᠩᠭᠡᠷ ᠠᠶᠠᠯᠭᠤ﹀ ᠬᠡᠦᠭᠡᠳ ᠪᠠᠭᠠᠴᠣᠳ ᠤᠨ ᠦᠵᠦᠮᠦᠴᠢᠨ ᠣᠷᠳᠣ ᠶᠢᠨ ᠲᠠᠭᠤᠨ ᠤ ᠰᠢᠨ᠎ᠡ ᠣᠨ ᠤ ᠲᠣᠭᠯᠠᠯᠲᠠ ᠨᠢ ᠣᠷᠳᠣ ᠶᠢᠨ ᠲᠠᠭᠤᠣ᠂ ᠵᠠᠩᠭᠠᠷ᠂ ᠬᠤᠪᠢᠰ᠂ ᠶᠠᠳᠤᠭ᠎ᠠ ᠵᠡᠷᠭᠡ ᠣᠶᠠᠩᠭ᠎ᠠ ᠲᠠᠭᠤᠣ᠂ ᠠᠶᠠᠯᠭᠤ ᠬᠦᠭᠵᠢᠮ ᠢᠶᠠᠷ  ᠬᠦᠭᠵᠢᠶᠡᠨᠳᠡᠢ ᠰᠠᠶᠢᠬᠠᠨ ᠶᠠᠪᠣᠭᠳᠠᠵᠣ᠂ ᠠᠬᠤᠢ ᠲᠠᠯᠠᠪᠠᠢ ᠳᠤ ᠪᠠᠰᠠ ᠣᠷᠳᠣ ᠶᠢᠨ ᠲᠠᠭᠤᠨ ᠤ ᠦᠪᠯᠡᠨ ᠣᠯᠠᠮᠵᠢᠯᠠᠭᠴᠢ᠂ ᠠᠪᠣᠷᠭᠤ ᠡᠷᠳᠡᠨᠢᠪᠡᠶᠡᠷ᠂ ᠣᠷᠳᠣ ᠶᠢᠨ ᠲᠠᠭᠤᠴᠢᠨ ᠰᠡᠴᠡᠨᠭᠡᠷᠡᠯ ᠨᠠᠷ ᠠᠴᠠ ᠦᠵᠦᠮᠦᠴᠢᠨ ᠣᠷᠳᠣ ᠶᠢᠨ ᠲᠠᠭᠤᠣ ᠪᠠᠨ ᠰᠣᠷᠴᠦ ᠣᠯᠠᠮᠵᠢᠯᠠᠵᠣ ᠪᠠᠶᠢᠭ᠎ᠠ ᠬᠡᠦᠭᠡᠳ ᠪᠠᠭᠠᠴᠣᠣᠯ ᠳᠠᠭᠠᠨ ᠬᠠᠨᠳᠢᠪ  ᠤᠨ ᠮᠥᠩᠭᠦ ᠭᠠᠷᠳᠠᠭᠤᠯᠵᠣ᠂ ᠣᠯᠣᠰ ᠤᠨ ᠪᠣᠳᠠᠰ ᠤᠨ ᠪᠣᠰᠣ ᠰᠣᠶᠣᠯ ᠤᠨ ᠦᠪ ᠤᠨ ᠨᠢᠭᠡ ᠪᠣᠯᠣᠭᠰᠠᠨ ᠦᠵᠦᠮᠦᠴᠢᠨ ᠠᠷᠠᠳ ᠤᠨ ᠣᠷᠳᠣ ᠶᠢᠨ ᠲᠠᠭᠤᠣ ᠪᠠᠨ ᠦᠷᠬᠦᠯᠵᠢᠯᠡᠨ ᠣᠯᠠᠮᠵᠢᠯᠠᠵᠣ ᠬᠦᠭᠵᠢᠬᠦᠯᠵᠦ ᠶᠠᠪᠣᠬᠤ ᠶᠢ ᠬᠦᠰᠡᠨ ᠵᠦᠩᠨᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号