12 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ | ᠨᠡᠶᠢᠭᠡᠮᠯᠢᠭ ᠠᠴᠠ ᠡᠷᠬᠢᠯᠡᠭᠰᠡᠨ ᠤᠮᠠᠷᠠᠲᠦ ᠬᠢᠯᠢ ᠶᠢᠨ ᠰᠤᠶᠤᠯ ᠤᠨ ᠭᠢᠯᠪᠠᠭ᠎ᠠ ------ | ︽ᠪᠤᠯᠠᠭᠠᠨ ᠬᠠᠩᠭᠠᠢ ᠶᠢᠨ ᠪᠠᠷ᠎ᠠ︾ ᠨᠡᠷᠡᠮᠵᠢᠲᠦ ᠤᠷᠲᠤ ᠶᠢᠨ ᠳᠠᠭᠤᠤ ᠶᠢᠨ ᠤᠷᠤᠯᠳᠤᠭᠠᠨ ᠢᠯᠭᠤᠮ ᠰᠠᠶᠢᠬᠠᠨ | ᠶᠠᠪᠤᠭᠳᠠᠯ᠎ᠠ᠃ | | ᠡᠨᠡᠬᠦ ᠤᠷᠤᠯᠳᠤᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠭᠦᠳᠡ ᠬᠤᠷᠠᠯᠳᠤᠭᠠᠨ ᠤ | ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠵᠢᠭᠠᠪᠦᠷᠢ ᠪᠠᠷ ᠪᠣᠳᠠᠰ ᠤᠨ ᠪᠣᠰᠤ ᠰᠤᠶᠤᠯ ᠤᠨ ᠥᠪ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢ | ᠦᠢᠯᠡᠳᠦᠯᠭᠡᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠤᠶᠤᠯ ᠢ ᠴᠡᠴᠡᠭᠯᠡᠭᠦᠯᠦᠨ | ᠪᠠᠳᠠᠷᠠᠭᠤᠯᠵᠤ᠂ ᠤᠮᠠᠷᠠᠲᠦ ᠬᠢᠯᠢ ᠶᠢᠨ ᠰᠤᠶᠤᠯ ᠤᠨ ᠨᠡᠷᠡᠲᠦ ᠲᠡᠮᠳᠡᠭ ᠢ ᠴᠤᠭᠴᠠᠯᠠᠨ ᠪᠠᠶᠢᠭᠤᠯᠬᠤ ᠵᠤᠷᠢᠯᠲᠠ ᠪᠠᠷ | ᠡᠷᠬᠢᠯᠡᠨ ᠶᠠᠪᠤᠭᠳᠠᠭᠤᠯᠵᠠᠢ᠃ | | ᠦᠵᠦᠮᠦᠴᠢᠨ ᠤᠷᠲᠦ ᠶᠢᠨ ᠳᠠᠭᠤᠤ ᠨᠢ ᠤᠷᠤᠨ ᠨᠤᠲᠤᠭ ᠤᠨ ᠥᠪᠡᠷᠮᠢᠴᠡ ᠬᠡᠪ ᠨᠠᠮᠪᠠ᠂ ᠤᠷᠠᠨ | ᠨᠤᠭᠤᠯᠤᠭ᠎ᠠ ᠪᠠᠷ ᠢᠶᠠᠨ ᠮᠤᠩᠭᠤᠯ ᠦᠨᠳᠦᠰᠦᠲᠡᠨ ᠤ ᠤᠯᠠᠮᠵᠢᠯᠠᠯᠲᠦ ᠤᠷᠲᠦ ᠶᠢᠨ ᠳᠠᠭᠤᠤ ᠳᠤ ᠴᠢᠬᠤᠯᠠ ᠪᠠᠶᠢᠷᠢ | ᠰᠠᠭᠤᠷᠢ ᠶᠢ ᠡᠵᠡᠯᠡᠵᠦ ᠪᠠᠶᠢᠳᠠᠭ᠂ ᠡᠶᠢᠨᠬᠦ ᠥᠪ ᠪᠣᠯᠬᠤ ᠤᠷᠲᠤ ᠶᠢᠨ ᠳᠠᠭᠤᠤ ᠶᠢ ᠬᠠᠮᠠᠭᠠᠯᠠᠨ ᠬᠥᠭᠵᠢᠭᠦᠯᠬᠦ ᠠᠵᠢᠯ | ᠤᠷᠤᠭᠰᠢᠲᠠᠢ ᠶᠠᠪᠤᠭᠳᠠᠵᠤ᠂ ᠤᠷᠲᠤ ᠶᠢᠨ ᠳᠠᠭᠤᠤ ᠶᠢᠨ ᠤᠯᠠᠮᠵᠢᠯᠠᠯ ᠤᠨ ᠤᠯᠠᠨ ᠲᠦᠮᠡᠨᠴᠢ ᠰᠠᠭᠤᠷᠢ ᠪᠠᠨ ᠤᠯᠠᠮ | ᠪᠠᠳᠤᠳᠬᠠᠨ᠂ ᠵᠠᠯᠠᠭᠤ ᠢᠳᠡᠷ᠂ ᠠᠬᠠᠮᠠᠳ ᠦᠶ᠎ᠡ ᠦᠶ᠎ᠡ ᠶᠢᠨ ᠤᠷᠲᠦ ᠶᠢᠨ ᠳᠠᠭᠤᠴᠢᠳ ᠨᠢ ᠦᠵᠦᠮᠦᠴᠢᠨ ᠠᠷᠠᠳ | ᠤᠨ ᠤᠷᠲᠤ ᠶᠢᠨ ᠳᠠᠭᠤᠤ ᠪᠠᠨ ᠤᠯᠠᠮᠵᠢᠯᠠᠨ ᠳᠡᠯᠭᠡᠷᠡᠭᠦᠯᠵᠦ᠂ ᠡᠷᠳᠡᠮᠲᠡᠨ ᠰᠤᠳᠤᠯᠤᠭᠠᠴᠢ ᠨᠢ ᠡᠮᠬᠢᠳᠬᠡᠨ | ᠴᠤᠭᠯᠠᠭᠤᠯᠬᠤ ᠠᠵᠢᠯ ᠢ ᠭᠠᠷᠳᠠᠨ ᠬᠢᠵᠦ ᠢᠷᠡᠭᠰᠡᠨ ᠢᠶᠠᠷ ᠦᠵᠦᠮᠦᠴᠢᠨ ᠮᠤᠩᠭᠤᠯᠴᠤᠳ ᠤᠨ ᠤᠷᠲᠤ ᠤᠳᠠᠭᠠᠨ | ᠨᠡᠭᠦᠳᠡᠯ ᠠᠮᠢᠳᠤᠷᠠᠯ ᠳᠤᠮᠳᠠ ᠠᠴᠠ ᠲᠦᠷᠦᠭᠳᠡᠨ ᠭᠠᠷᠤᠭᠰᠠᠨ ︽ᠰᠡᠷᠢᠭᠦᠨ ᠰᠠᠶᠢᠬᠠᠨ ᠬᠠᠩᠭᠠᠢ︾᠂ ︽ᠶᠡᠭᠡ | ᠪᠣᠭᠳᠠ ᠪᠣᠯᠭᠠᠨ ᠬᠠᠩᠭᠠᠢ︾᠂ ︽ᠳᠦᠭᠦᠷᠡᠩᠵᠠᠭᠠᠨ︾᠂᠂᠂᠂ ᠵᠡᠷᠭᠡ ᠤᠷᠲᠤ ᠶᠢᠨ ᠳᠠᠭᠤᠤ ᠨᠤᠭᠤᠳ ᠨᠢ | ᠠᠭᠤᠳᠠᠮ ᠲᠠᠯ᠎ᠠ ᠨᠤᠲᠤᠭ ᠲᠤ ᠪᠠᠨ ᠴᠤᠤᠷᠢᠶᠠᠳᠤᠭᠰᠠᠭᠠᠷ ᠪᠠᠶᠢᠭ᠎ᠠ ᠪᠢᠯᠡ᠃ | | ᠡᠨᠡᠬᠦ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠢᠳᠡᠷ ᠵᠠᠯᠠᠭᠤ ᠦᠶ᠎ᠡ ᠤᠨ27 | ᠳᠠᠭᠤᠴᠢᠳ ᠠᠴᠠ ︽ᠠᠮᠤᠭᠤᠯᠠᠩᠲᠤ ᠲᠥᠷᠦ ᠶᠢᠨ ᠲᠤᠪᠴᠢᠶ᠎ᠠ︾᠂ ︽ᠡᠭᠦᠷ ᠰᠡᠭᠦᠯᠲᠦ︾᠂᠂᠂᠂ ᠵᠡᠷᠭᠡ ᠤᠯᠠᠨ | ᠰᠠᠶᠢᠬᠠᠨ ᠤᠷᠲᠤ ᠶᠢᠨ ᠳᠠᠭᠤᠤ ᠪᠠᠷ ᠢᠶᠠᠨ ᠥᠷᠢᠰᠦᠯᠳᠤᠭ᠍ᠰᠡᠨ ᠤ ᠡᠴᠦᠰ ᠲᠤ ᠫᠧᠷᠡᠩᠯᠠᠢ ᠨᠢᠭᠡᠳᠦᠭᠡᠷ ᠨᠡᠷ᠎ᠡ ᠳᠤ | ᠲᠣᠳᠤᠷᠠᠵᠤ᠂ ᠲᠠᠭᠤᠯᠠ᠂ ᠡᠷᠳᠡᠨᠢᠨᠠᠪᠴᠢ ᠬᠤᠶᠠᠳᠤᠭᠠᠷ ᠨᠡᠷ᠎ᠡ ᠳᠤ ᠲᠤᠳᠤᠷᠠᠵᠤ᠂ ᠰᠦᠬᠡᠪᠠᠭᠠᠳᠣᠷ᠂ ᠪᠠᠲᠤᠵᠢᠷᠭᠠᠯ | ᠡᠷᠳᠡᠨᠢᠴᠡᠴᠡᠭ ᠭᠤᠷᠪᠠᠳᠤᠭᠠᠷ ᠨᠡᠷ᠎ᠡ ᠳᠤ ᠲᠤᠳᠤᠷᠠᠵᠤ ᠪᠦᠷᠢᠨᠪᠠᠶᠠᠷ ᠂ ᠬᠤᠩᠭᠤᠷᠵᠣᠯᠠ᠂ ᠴᠡᠯᠮᠡᠭ ᠵᠡᠷᠭᠡ10 ᠨᠡᠷ᠎ᠡ | ᠳᠠᠭᠤᠴᠢᠳ ᠰᠢᠯᠢᠳᠡᠭ ᠨᠡᠷ᠎ᠡ ᠳᠤ ᠲᠤᠳᠤᠷᠠᠭᠰᠠᠨ ᠪᠠᠶᠢᠨ᠎ᠠ᠃ |