ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠲᠠᠭᠦᠰ ᠤᠷ᠎ᠠ ᠮᠣᠩᠭᠤᠯ ᠭᠡᠷ ᠤᠨ ᠰᠣᠶᠣᠯ | ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠦᠢᠯᠡᠳᠬᠡᠯ ᠤᠨ ᠭᠠᠵᠠᠷ ᠢᠶᠠᠷ ᠰᠣᠩᠭᠤᠭᠳᠠᠪᠠ᠂ ᠡᠨᠡ ᠨᠢ ᠲᠣᠰ ᠺᠣᠮᠫᠠᠨᠢ ᠶᠢᠨ ᠮᠤᠩᠭᠤᠯ ᠬᠡᠷ ᠤᠨ | ᠰᠣᠶᠤᠯ ᠢ ᠤᠯᠠᠮᠵᠢᠯᠠᠨ ᠭᠦᠭᠵᠢᠬᠦᠯᠬᠦ ᠴᠢᠬᠤᠯᠠ ᠲᠦᠯᠬᠢᠴᠠ ᠬᠦᠴᠦᠨ ᠪᠣᠯᠬᠤ ᠪᠠᠷ ᠪᠠᠷᠠᠬᠤ ᠦᠭᠡᠢ ᠪᠠᠷᠠᠭᠤᠨ | ᠦᠵᠦᠮᠦᠴᠢᠨ ᠬᠤᠰᠢᠭᠤᠨ ᠤ ᠰᠣᠶᠣᠯ ᠤᠯᠠᠮᠵᠢᠯᠠᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ | ᠪᠠᠶᠢᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠬᠡᠯ ᠤᠨ ᠭᠠᠵᠠᠷ ᠨᠢ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠢ | ᠳᠡᠯᠭᠡᠨ ᠦᠵᠡᠭᠦᠯᠬᠦ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠪᠤᠳᠠᠰ ᠤᠨ ᠪᠤᠰᠤ ᠰᠣᠶᠤᠯ ᠤᠨ ᠤᠯᠠᠮᠵᠢᠯᠠᠨ | ᠵᠠᠯᠭᠠᠮᠵᠢᠯᠠᠭᠴᠢ ᠶᠢᠨ ᠣᠶᠤᠨ ᠤᠬᠠᠭᠠᠨ ᠪᠠ ᠤᠷ᠎ᠠ ᠮᠡᠷᠭᠡᠵᠢᠯ ᠢ ᠨᠢᠭᠳᠠᠷᠠᠭᠤᠯᠤᠨ᠂ ᠰᠣᠶᠣᠯ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠤᠨ | ᠪᠦᠲᠦᠭᠡᠨ ᠪᠠᠶᠢᠭᠤᠯᠤᠯᠲᠠ᠂ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠪᠣᠷᠣᠯᠠᠭᠤᠯᠬᠤ ᠳᠤ ᠰᠢᠨ᠎ᠡ ᠶᠢ ᠡᠭᠦᠳᠬᠦ | ᠰᠡᠳᠬᠢᠴᠡ ᠪᠠ ᠵᠠᠬ᠎ᠠ ᠳᠡᠯᠭᠡᠭᠦᠷ ᠤᠨ ᠣᠷᠣᠨ ᠵᠠᠢ ᠬᠠᠩᠭᠠᠵᠦ ᠪᠠᠶᠢᠳᠠᠭ᠃ | | ᠲᠠᠭᠦᠰ ᠤᠷ᠎ᠠ ᠮᠣᠩᠭᠤᠯ ᠭᠡᠷ ᠤᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ | 1993 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠮᠣᠩᠭᠤᠯ ᠭᠡᠷ ᠵᠢᠴᠢ ᠦᠨᠳᠦᠰᠦᠲᠡᠨ ᠤ ᠡᠳ᠋ᠯᠡᠯ ᠬᠡᠷᠡᠭᠰᠡᠯ᠂ | ᠭᠠᠷ ᠤᠷᠠᠯᠠᠯ ᠤᠨ ᠪᠦᠲᠦᠭᠡᠭᠳᠡᠬᠦᠨ ᠢ ᠤᠷᠠᠯᠠᠬᠤ ᠦᠢᠯᠡᠳᠬᠦ ᠳᠤ ᠠᠩᠬᠠᠷᠤᠯ ᠢᠶᠠᠨ ᠲᠥᠪᠯᠡᠷᠡᠭᠦᠯᠦᠭᠰᠡᠭᠡᠷ ᠢᠷᠡᠵᠡᠶ᠃ | ᠲᠡᠭᠦᠨ ᠤ ᠦᠢᠯᠡᠳᠪᠦᠷᠢᠯᠡᠭᠰᠡᠨ ᠮᠣᠩᠭᠤᠯ ᠭᠡᠷ ᠨᠢ ᠤᠷᠠᠨ ᠨᠠᠷᠢᠯᠢᠭ ᠮᠥᠷᠲᠡᠭᠡᠨ ᠲᠥᠷᠥᠯ ᠵᠦᠢᠯ ᠨᠢ ᠤᠯᠠᠨ ᠪᠠᠶᠢᠵᠦ | ᠂ ᠲᠠᠯ᠎ᠠ ᠨᠤᠲᠤᠭ ᠤᠨ ᠵᠢᠭᠤᠯᠴᠢᠯᠠᠯ ᠤᠨ ᠳᠤᠷᠠᠰᠬᠠᠯ ᠤᠨ ᠡᠳ᠋᠂ ᠰᠣᠶᠣᠯ ᠤᠨ ᠪᠦᠲᠦᠭᠡᠭᠳᠡᠬᠦᠨ ᠵᠢᠴᠢ ᠭᠠᠷ | ᠠᠪᠤᠯᠭ᠎ᠠ ᠶᠢᠨ ᠪᠡᠯᠡᠭ ᠵᠡᠷᠭᠡ ᠶᠢ ᠪᠠᠭᠲᠠᠭᠠᠳᠠᠭ᠃ | ᠰᠣᠶᠣᠯᠲᠤ ᠪᠠᠷᠠᠭᠤᠨ ᠦᠵᠦᠮᠦᠴᠢᠨ ᠬᠤᠰᠢᠭᠤᠨ ᠤ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠮᠣᠩᠭᠤᠯ ᠭᠡᠷ ᠦᠢᠯᠡᠳᠬᠦ ᠤᠷ᠎ᠠ ᠮᠡᠷᠭᠡᠵᠢᠯ ᠤᠨ ᠲᠥᠯᠥᠭᠡᠯᠡᠬᠦ ᠴᠢᠨᠠᠷᠲᠠᠢ ᠦᠪᠯᠠᠨ ᠤᠯᠠᠮᠵᠢᠯᠠᠭᠴᠢ ᠪᠣᠯᠤᠭᠰᠠᠨ | ᠤ ᠬᠤᠪᠢ ᠳᠤ᠂ ︽ᠮᠣᠩᠭᠤᠯ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠳᠠᠪᠠᠭᠠᠤᠯᠢᠭ ᠢ ᠪᠠᠳᠠᠷᠠᠭᠤᠯᠵᠤ᠂ | ᠬᠤᠲᠠ ᠣᠷᠣᠭᠰᠠᠨ ᠮᠠᠯᠴᠢᠳ ᠲᠤ ᠳᠠᠬᠢᠨ ᠠᠵᠢᠯ ᠣᠯᠭᠤᠬᠤ ᠶᠢ ᠴᠢᠩᠭᠠᠳᠬᠠᠨ᠂ ᠦᠨᠳᠦᠰᠦᠲᠡᠨ ᠤ ᠠᠵᠤ ᠠᠬᠤᠢ | ᠶᠢᠨ ᠬᠥᠭᠵᠢᠯᠲᠡ ᠶᠢ ᠬᠥᠭᠵᠢᠭᠦᠯᠦᠨ ᠮᠠᠨᠳᠤᠭᠤᠯᠬᠤ︾ ᠵᠣᠷᠢᠯᠲᠠ ᠶᠢ ᠢᠮᠠᠭᠲᠠ ᠪᠠᠲᠤ ᠰᠠᠬᠢᠵᠤ᠂ ᠮᠣᠩᠭᠤᠯ ᠭᠡᠷ | ᠦᠢᠯᠡᠳᠬᠦ ᠤᠷ᠎ᠠ ᠮᠡᠷᠭᠡᠵᠢᠯ ᠢ ᠤᠯᠠᠮᠵᠢᠯᠠᠨ ᠬᠥᠭᠵᠢᠭᠦᠯᠬᠦ ᠪᠠᠷ ᠴᠢᠷᠮᠠᠶᠢᠨ᠎ᠠ ᠬᠡᠵᠦ ᠪᠠᠶᠢᠯ᠎ᠠ᠃ | | ᠲᠣᠰ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠬᠡᠯ ᠤᠨ ᠭᠠᠵᠠᠷ ᠢᠶᠠᠷ ᠰᠣᠩᠭᠤᠭᠳᠠᠭᠰᠠᠨ ᠨᠢ ᠰᠣᠶᠣᠯ ᠢ ᠤᠯᠠᠮᠵᠢᠯᠠᠨ ᠵᠠᠯᠭᠠᠮᠵᠢᠯᠠᠬᠤ ᠨᠠᠩ ᠬᠦᠨᠳᠦ | ᠡᠭᠦᠷᠭᠡ ᠶᠢ ᠡᠭᠦᠷᠭᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠬᠥᠭᠵᠢᠯᠲᠡ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠪᠠᠷᠠᠭᠤᠨ ᠦᠵᠦᠮᠦᠴᠢᠨ ᠬᠤᠰᠢᠭᠤᠨ ᠤ | ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠤᠣᠯᠯᠠᠭᠴᠢ ᠬᠦᠴᠦᠨ ᠪᠣᠯᠵᠤ᠂ | ᠠᠷᠠᠳ ᠲᠦᠮᠡᠨ ᠤ ᠮᠣᠩᠭᠤᠯ ᠭᠡᠷ ᠦᠢᠯᠡᠳᠬᠦ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ | ᠰᠣᠶᠣᠯ ᠤᠨ ᠠᠩᠬᠠᠷᠤᠯ ᠢ ᠲᠠᠲᠠᠵᠤ᠂ ᠭᠠᠵᠠᠷ ᠣᠷᠣᠨ ᠤ ᠰᠣᠶᠣᠯ ᠤᠨ ᠤᠯᠠᠮᠵᠢᠯᠠᠯ ᠭᠦᠭᠵᠢᠯᠳᠠ ᠶᠢ ᠠᠬᠢᠭᠤᠯᠬᠤ ᠪᠠᠷ | ᠪᠠᠷᠠᠬᠤ ᠦᠭᠡᠢ᠂ ᠲᠤᠰ ᠺᠣᠮᠫᠠᠨᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ | ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠲᠠᠯ᠎ᠠ ᠪᠠᠷ ᠬᠢ ᠣᠷᠣᠭᠤᠯᠤᠯᠲᠠ ᠪᠠᠨ ᠠᠬᠢᠭᠤᠯᠵᠤ᠂ ᠨᠠᠩ ᠣᠯᠠᠨ ᠦᠪᠯᠠᠨ | ᠤᠯᠠᠮᠵᠢᠯᠠᠭᠴᠢ ᠪᠠ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠪᠠᠷᠠᠭᠤᠨ ᠦᠵᠦᠮᠦᠴᠢᠨ | ᠬᠤᠰᠢᠭᠤᠨ ᠤ ᠪᠣᠳᠠᠰ ᠤᠨ ᠪᠤᠰᠤ ᠰᠣᠶᠣᠯ ᠤᠨ ᠬᠥᠭᠵᠢᠯᠲᠡ ᠳᠤ ᠪᠠᠲᠤ ᠪᠠᠬᠢ ᠬᠥᠮᠥᠨ ᠤ ᠬᠦᠴᠦᠨ ᠤ ᠪᠠᠲᠤᠯᠠᠭ᠎ᠠ | ᠬᠠᠩᠭᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠨᠠᠩ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ | ᠪᠣᠯᠣᠨ᠎ᠠ᠃ | | ᠪᠠᠷᠠᠭᠤᠨ ᠦᠵᠦᠮᠦᠴᠢᠨ ᠬᠤᠰᠢᠭᠤ ᠤᠯᠠᠨ ᠵᠢᠯ ᠤᠨ ᠲᠤᠷᠰᠢ᠂ ᠦᠨᠳᠦᠰᠦᠲᠡᠨ ᠤ ᠥᠪ ᠰᠣᠶᠤᠯ ᠢ | ᠠᠭᠤᠳᠠᠯᠬᠤ᠂ ᠡᠮᠬᠢᠳᠬᠡᠬᠦ ᠪᠠ ᠳᠡᠯᠭᠡᠨ ᠦᠵᠡᠭᠦᠯᠬᠦ ᠠᠵᠢᠯ ᠳᠤ ᠢᠳᠡᠪᠬᠢᠲᠡᠢ ᠵᠢᠳᠬᠦᠵᠦ᠂ ᠳᠡᠯᠭᠡᠨ ᠦᠵᠡᠭᠦᠯᠬᠦ | ᠠᠷᠭ᠎ᠠ ᠪᠠᠷᠢᠯ ᠵᠡᠷᠬᠡ ᠤᠯᠠᠨ ᠠᠷᠭ᠎ᠠ ᠬᠡᠮᠵᠢᠶ᠎ᠠ ᠠᠪᠴᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ | ᠭᠦᠢᠴᠡᠳ ᠢᠯᠡᠷᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠲᠡᠬᠡᠭᠰᠢᠯᠠᠬᠦᠯᠵᠦ ᠪᠠᠶᠢᠨ᠎ᠠ ᠃ |