ᠵᠢᠷ ᠤᠨ ᠭᠤᠤᠯ ᠪᠠᠯᠭᠠᠰᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠬᠤ ᠰᠠᠶᠢᠨ ᠲᠤᠷ᠎ᠠ ᠶᠢᠨ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2024/12/23
    ︽ᠦᠭᠭᠢᠶᠡᠮᠦᠷᠴᠢ᠂ ᠨᠥᠬᠦᠷᠰᠡᠭ᠂ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠪᠠ ᠨᠡᠶᠢᠭᠡᠮ ᠨᠡᠶᠢᠲᠡ ᠳᠤ ᠵᠦᠪ ᠡᠨᠧᠷᠬᠢ᠂ ᠢᠳᠡᠪᠬᠢ ᠨᠦᠯᠦᠬᠡᠯᠡᠬᠦ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠤᠶᠢᠷ᠎ᠠ ᠶᠢᠨ ᠡᠳᠦᠷ᠂ ᠵᠢᠷ ᠤᠨ ᠭᠤᠤᠯ ᠪᠠᠯᠭᠠᠰᠤ ᠨᠢ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠶ᠎ᠠ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠡᠢ᠃        ᠠᠵᠢᠯᠯᠠᠭ᠎ᠠ ᠳᠤ᠂ ᠵᠢᠷ ᠤᠨ ᠭᠤᠤᠯ ᠪᠠᠯᠭᠠᠰᠤᠨ ᠤ ᠤᠳᠤᠷᠢᠳᠤᠯᠭ᠎ᠠ ᠪᠣᠯᠣᠨ ᠠᠵᠢᠯᠲᠠᠳ ᠠᠴᠠ ᠵᠢᠷ ᠤᠨ ᠭᠤᠤᠯ ᠪᠠᠯᠭᠠᠰᠤᠨ ᠤ《ᠴᠢᠷᠮᠠᠶᠢᠨ ᠬᠦᠴᠦᠷᠬᠡᠭᠵᠢᠬᠦ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ》 ᠳᠤ ᠬᠦᠷᠴᠦ᠂ ᠠᠷᠢᠭᠤᠨ ᠬᠦᠳᠡᠯᠮᠦᠷᠢ ᠪᠠᠷ ᠢᠶᠠᠨ ᠴᠡᠪᠡᠷ ᠲᠤᠬᠢᠯᠢᠭ ᠤᠷᠴᠢᠨ ᠲᠤᠭᠤᠷᠢᠨ ᠢ ᠴᠤᠭᠴᠠᠯᠠᠵᠤ ᠪᠠᠶᠢᠭ᠎ᠠ 14 ᠨᠡᠷ᠎ᠡ ᠠᠵᠢᠯᠴᠢᠨ ᠳᠤ ᠬᠦᠪᠦᠩ ᠬᠦᠷᠮ᠎ᠡ᠂ ᠱᠠᠬᠠᠢ ᠵᠡᠷᠭᠡ ᠡᠳ᠋ ᠪᠣᠳᠠᠰ ᠬᠦᠷᠭᠡᠵᠦ᠂ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠵᠤ᠂ ᠦᠩᠭᠡ ᠲᠦᠷᠬᠦ ᠶᠢ ᠲᠡᠭᠡᠭᠰᠢᠯᠡᠬᠦᠯᠦᠭᠰᠡᠨ ᠰᠢᠷᠭᠠᠭᠤ ᠬᠦᠳᠡᠯᠮᠦᠷᠢ ᠳᠤ  ᠨᠢ ᠴᠢᠩ ᠰᠡᠳᠬᠢᠯ ᠤᠨ ᠬᠦᠠᠳᠦᠳᠬᠡᠯ ᠲᠠᠯᠠᠷᠬᠠᠯ ᠢᠶᠠᠨ ᠲᠡᠪᠰᠢᠬᠦᠯᠦᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠪᠦᠬᠦ ᠨᠡᠶᠢᠬᠡᠮ ᠢᠶᠠᠷ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠰ ᠢ ᠬᠠᠯᠠᠮᠵᠢᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠳᠡᠮᠵᠢᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号