ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠵᠠᠷ ᠰᠢᠷᠣᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ | ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠭᠠᠵᠠᠷ ᠰᠢᠷᠣᠢ ᠬᠡᠷᠡᠭᠯᠡᠬᠦ ᠶᠢ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠮᠠᠯᠵᠢᠬᠤ ᠣᠷᠣᠨ ᠤ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠮᠴᠢᠯᠡᠭᠴᠢ ᠪᠠ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠪᠠᠳᠤᠯᠬᠠᠤ ᠶᠢᠨ ᠳᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ | ᠦᠨᠳᠦᠰᠦᠯᠡᠨ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠦᠷ | ᠬᠡᠷᠡᠭᠵᠢᠭᠦᠯᠬᠦ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷ ᠬᠡᠷᠡᠭᠵᠢᠭᠦᠯᠬᠦ ᠲᠣᠭᠲᠠᠭᠠᠯ ᠳᠤ ᠬᠡᠯᠡᠵᠦ ᠪᠠᠶᠢᠭ᠎ᠠ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠬᠡᠯᠪᠡᠷᠢ ᠪᠠᠷ ᠬᠠᠮᠲᠤ ᠶᠢᠨ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠢ ᠭᠦᠢᠴᠡᠳᠬᠡᠬᠦ | ᠭᠡᠳᠡᠭ ᠨᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ | ᠬᠠᠤᠯᠢ︾ ᠶᠢᠨ ᠳᠥᠴᠢᠨ ᠲᠠᠪᠤᠳᠤᠭᠠᠷ ᠵᠦᠢᠯ ᠤᠨ ᠲᠠᠲᠠᠪᠤᠷᠢᠯᠠᠬᠤ ᠬᠡᠪᠴᠢᠶᠡᠨ ᠳᠤ ᠲᠣᠭᠲᠠᠭᠠᠭᠰᠠᠨ ᠠᠴᠠ ᠭᠠᠳᠠᠨᠠᠬᠢ | ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ | ᠬᠢᠬᠦ ᠳᠡᠭᠡᠨ ︽ᠵᠥᠪᠬᠡᠨ ᠰᠢᠯᠵᠢᠭᠦᠯᠦᠨ ᠬᠡᠷᠡᠭᠯᠡᠬᠦ ᠠᠴᠠ ᠪᠢᠰᠢ ᠲᠠᠲᠠᠪᠤᠷᠢᠯᠠᠬᠤ ᠦᠭᠡᠢ︾ ᠠᠷᠭ᠎ᠠ ᠮᠠᠶ᠋ᠢᠭ ᠢ ᠠᠪᠴᠤ᠂ | ᠵᠢᠷᠠᠳᠤᠭᠠᠷ ᠵᠦᠢᠯ ᠪᠤᠶᠤ ᠵᠢᠷᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠬᠠᠮᠲᠤ ᠶᠢᠨ ᠥᠮᠴᠢᠯᠡᠯ ᠤᠨ | ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ | ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ ᠢ ᠠᠯᠢ | ᠴᠢᠳᠠᠬᠤ ᠪᠠᠷ ᠡᠵᠡᠯᠡᠬᠦ ᠦᠭᠡᠢ ᠪᠤᠶᠤ ᠪᠠᠭ᠎ᠠ ᠡᠵᠡᠯᠡᠨ ᠬᠡᠷᠡᠭᠯᠡᠬᠦ ᠬᠡᠷᠡᠭᠲᠡᠢ᠃ | ᠳᠥᠷᠪᠡᠳᠦᠭᠡᠷ ᠵᠦᠢᠯ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠭᠦᠨᠵᠡᠭᠡᠢ ᠰᠢᠯᠢᠳᠡᠭᠵᠢᠭᠦᠯᠵᠦ᠂ ᠭᠠᠵᠠᠷ | ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠮᠠᠯᠵᠢᠬᠤ ᠣᠷᠣᠨ ᠤ ᠭᠠᠵᠠᠷ | ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠬᠤᠶᠠᠳᠤᠭᠠᠷ ᠪᠦᠯᠦᠭ ᠬᠢᠨᠠᠨ ᠵᠥᠪᠰᠢᠶᠡᠷᠡᠬᠦ ᠨᠥᠬᠦᠴᠡᠯ | ᠲᠠᠪᠤᠳᠤᠭᠠᠷ ᠵᠦᠢᠯ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ | ᠭᠠᠵᠠᠷ ᠰᠢᠷᠣᠢ ᠶᠢ ᠬᠡᠷᠡᠭᠯᠡᠬᠦ ᠪᠠᠷ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠡᠷᠬᠡᠪᠰᠢ ᠬᠤᠰᠢᠭᠤ | ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠰᠤᠮᠤ | ᠪᠠᠯᠭᠠᠰᠤ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠤᠶᠤ | ᠭᠠᠴᠠᠭ᠎ᠠ ᠲᠣᠰᠬᠤᠨ ᠤ ᠲᠥᠯᠦᠪᠵᠢᠭᠦᠯᠭᠡ ᠳᠤ ᠨᠡᠶᠢᠴᠡᠵᠦ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ | ᠱᠠᠭᠠᠷᠳᠠᠯᠭ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠳᠤ ᠬᠡᠷᠡᠭᠯᠡᠬᠦ ᠪᠠᠷ ᠪᠠᠶᠢᠭ᠎ᠠ | ᠭᠠᠴᠠᠭᠠᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠶᠢ ᠲᠣᠳᠣᠷᠬᠠᠢ ᠪᠣᠯᠭᠠᠬᠤ ᠶᠢᠨ ᠬᠠᠮᠲᠤ ᠭᠠᠵᠠᠷ | ᠰᠢᠷᠣᠢ ᠶᠢᠨ ᠥᠮᠴᠢᠯᠡᠬᠦ ᠡᠷᠬᠡ ᠶᠢᠨ ᠳᠠᠩᠰᠠᠯᠠᠯᠲᠠ ᠶᠢ ᠨᠢᠭᠡᠨᠲᠡ ᠬᠠᠤᠯᠢ ᠶᠣᠰᠣᠭᠠᠷ ᠭᠦᠢᠴᠡᠳᠬᠡᠭᠰᠡᠨ ᠪᠠᠶᠢᠬᠤ | ᠬᠡᠷᠡᠭᠲᠡᠢ᠃ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠡᠷᠬᠡᠪᠰᠢ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠳᠠᠩᠰᠠᠯᠠᠯᠲᠠ ᠶᠢ ᠬᠠᠤᠯᠢ ᠶᠣᠰᠣᠭᠠᠷ ᠭᠦᠢᠴᠡᠳᠬᠡᠬᠦ | ᠬᠡᠷᠡᠭᠲᠡᠢ᠃ | ᠳᠣᠯᠣᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠪᠣᠯᠭᠠᠨ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠳᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠠᠴᠠ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠦᠬᠡ ︵ᠰᠢᠯᠵᠢᠭᠦᠯᠦᠨ ᠬᠡᠷᠡᠭᠯᠡᠭᠦᠯᠦᠭᠰᠡᠨ | ᠭᠠᠵᠠᠷ ᠰᠢᠷᠣᠢ ᠶᠢᠨ ᠮᠠᠯᠵᠢᠬᠤ ᠡᠷᠦᠬᠡ︶ ᠲᠠᠢ ᠵᠥᠪᠳᠡᠯᠴᠡᠵᠦ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ | ᠡᠷᠦᠬᠡ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠳᠠᠭᠠᠭᠠᠴᠢᠯᠠᠯᠲᠠ ᠶᠢᠨ ᠭᠡᠷ᠎ᠡ ᠶᠢ ᠬᠦᠴᠦᠨ ᠦᠭᠡᠢ | ᠪᠣᠯᠭᠠᠬᠤ ᠶᠢᠨ ᠬᠠᠮᠲᠤ ᠨᠥᠬᠦᠪᠦᠷᠢ ᠥᠭᠭᠦᠨ᠎ᠡ᠃ ᠨᠥᠬᠦᠪᠦᠷᠢ ᠥᠭᠬᠦ ᠪᠠᠷᠢᠮᠵᠢᠶ᠎ᠠ ᠶᠢ ᠣᠷᠣᠨ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠭᠤᠷᠪᠠᠳᠤᠭᠠᠷ ᠪᠦᠯᠦᠭ ᠬᠢᠨᠠᠨ ᠵᠥᠪᠰᠢᠶᠡᠷᠡᠬᠦ ᠵᠢᠷᠤᠮ | ᠨᠠᠢᠮᠠᠳᠤᠭᠠᠷ ᠵᠦᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠳᠡᠪᠰᠢᠭᠦᠯᠵᠦ᠂ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ᠂ ᠬᠠᠮᠲᠤᠷᠠᠨ ᠡᠵᠡᠩᠨᠡᠬᠦ ︵ᠬᠤᠪᠢ | ᠣᠷᠣᠭᠤᠯᠬᠤ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠦᠪᠵᠢᠭᠦᠯᠭᠡ ᠶᠢᠨ | ᠨᠥᠬᠦᠴᠡᠯ ᠢ ᠳᠤᠷᠠᠳᠴᠤ᠂ ᠭᠠᠵᠠᠷ ᠰᠢᠷᠣᠢ ᠶᠢᠨ ᠵᠠᠭᠠᠭ᠂ ᠲᠠᠯᠠᠪᠠᠶ᠂ ᠬᠡᠷᠡᠭᠴᠡᠭᠡ᠂ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ ᠬᠦᠴᠦᠯᠡᠴᠡ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠵᠢᠯ ᠬᠤᠭᠤᠴᠠᠭ᠎ᠠ ᠵᠡᠷᠭᠡ ᠶᠢ | ᠲᠣᠳᠣᠷᠬᠠᠶᠢᠯᠠᠨ᠎ᠠ᠃ | ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠭᠠᠴᠠᠭ᠎ᠠ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠲᠥᠰᠥᠯ ᠢ ᠨᠠᠶᠢᠷᠠᠭᠤᠯᠤᠨ ᠵᠣᠬᠢᠶᠠᠬᠤ ᠳᠤ ᠡᠷᠬᠡᠪᠰᠢ ᠲᠣᠰ ᠭᠠᠴᠠᠭ᠎ᠠ ᠶᠢᠨ ᠭᠤᠷᠪᠠᠨ ᠤ | ᠬᠤᠶᠠᠷ ᠠᠴᠠ ᠳᠡᠭᠡᠭᠰᠢᠬᠢ ᠭᠠᠴᠠᠭᠠᠨ ᠤ ᠠᠷᠠᠳ ᠤᠨ ᠲᠥᠯᠥᠭᠡᠯᠡᠭᠴᠢ ᠪᠠᠷ ᠵᠥᠪᠰᠢᠶᠡᠷᠡᠭᠦᠯᠬᠦ ᠶᠢᠨ ᠬᠠᠮᠲᠤ | ᠪᠢᠴᠢᠭ ᠤᠨ ᠰᠠᠨᠠᠯ ᠭᠠᠷᠭᠠᠬᠤ ᠬᠡᠷᠡᠭᠲᠡᠢ᠃ ᠡᠭᠦᠨ ᠳᠤ ᠲᠥᠯᠦᠪᠵᠢᠭᠦᠯᠭᠡ ᠶᠢᠨ ᠨᠥᠬᠦᠴᠡᠯ᠂ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠵᠡᠷᠭᠡ ᠠᠭᠤᠯᠭ᠎ᠠ ᠪᠠᠭᠲᠠᠨ᠎ᠠ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠶᠢᠨ | ᠶᠡᠷᠦᠩᠬᠡᠢ ᠥᠷᠲᠡᠭ ᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ | ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ | ᠦᠨ᠎ᠡ ᠪᠠᠷ ᠯᠠᠪᠯᠠᠯᠲᠠ ᠪᠣᠯᠭᠠᠨ ᠲᠣᠭᠲᠠᠭᠠᠵᠤ ᠪᠣᠯᠣᠨ᠎ᠠ᠃ | ᠠᠷᠪᠠᠳᠤᠭᠠᠷ ᠵᠦᠢᠯ ᠤᠯᠤᠰ ᠠᠴᠠ ᠣᠷᠣᠭᠤᠯᠤᠭᠰᠠᠨ ᠴᠠᠬᠢᠯᠭᠠᠨ ᠬᠦᠴᠦ᠂ ᠵᠠᠮ ᠬᠠᠷᠢᠯᠴᠠᠭ᠎ᠠ᠂ ᠴᠢᠮᠡᠭᠡ | ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠵᠢᠴᠢ ᠣᠯᠠᠨ ᠨᠡᠶᠢᠲᠡ ᠶᠢᠨ ᠲᠥᠬᠦᠭᠡᠷᠦᠮᠵᠢ ᠶᠢ ᠶᠡᠷᠦᠩᠬᠡᠶᠢᠯᠡᠨ | ᠪᠣᠳᠣᠯᠬᠢᠯᠠᠵᠤ᠂ ᠮᠠᠯᠵᠢᠬᠤ ᠣᠷᠣᠨ ᠤ ᠭᠠᠵᠠᠷ ᠰᠢᠷᠣᠢ ᠶᠢᠨ ᠦᠨ᠎ᠡ ᠬᠠᠩᠰᠢ ᠳᠤ ᠦᠵᠡᠭᠦᠯᠦᠭᠰᠡᠨ ᠨᠥᠯᠥᠭᠡ ᠪᠠ | ᠬᠤᠪᠢ ᠨᠡᠮᠡᠷᠢ ᠤᠯᠤᠰ᠂ ᠬᠠᠮᠲᠤ ᠪᠠ ᠬᠤᠪᠢ ᠬᠥᠮᠥᠨ ᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ | ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ | ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ | ᠲᠤᠷᠰᠢᠯᠲᠠ ᠶᠢᠨ ᠭᠠᠵᠠᠷ ᠣᠷᠣᠨ ᠤ ᠬᠠᠮᠢᠶ᠎ᠠ ᠪᠦᠬᠦᠢ ᠲᠣᠭᠲᠠᠭᠠᠯ ᠪᠠ ᠠᠷᠭ᠎ᠠ ᠪᠠᠷ ᠯᠠᠪᠯᠠᠯᠲᠠ ᠪᠣᠯᠭᠠᠵᠤ᠂ ᠬᠤᠰᠢᠭᠤ | ᠵᠠᠰᠠᠭ ᠤᠨ ᠣᠷᠳᠣᠨ ᠭᠠᠵᠠᠷ ᠰᠢᠷᠣᠢ ᠶᠢᠨ ᠶᠡᠷᠦᠩᠬᠡᠢ ᠥᠷᠲᠡᠭ ︵ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠦᠷᠢ ᠲᠠᠢ ᠬᠡᠷᠡᠭᠯᠡᠬᠦ ᠰᠦᠢᠳᠬᠡᠯ ᠪᠠ ᠲᠥᠪᠬᠢᠨᠡᠭᠦᠯᠬᠦ | ᠨᠥᠬᠦᠪᠦᠷᠢ ᠶᠢᠨ ᠰᠦᠢᠳᠬᠡᠯ ᠢ ᠬᠠᠰᠤᠭᠰᠠᠨ ᠤ ᠳᠠᠷᠠᠭᠠᠬᠢ ᠵᠣᠭᠤᠰ ᠤᠨ ᠲᠤᠭ᠎ᠠ︶ ᠤᠨ 20%—50% ᠪᠠᠷ | ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠲᠤᠬᠢᠷᠠᠭᠤᠯᠬᠤ ᠮᠥᠩᠭᠦ ᠬᠤᠷᠢᠶᠠᠨ᠎ᠠ᠃ | ᠲᠣᠬᠢᠷᠠᠭᠤᠯᠬᠤ ᠮᠥᠩᠭᠦ ᠶᠢ ᠭᠠᠵᠠᠷ ᠰᠢᠷᠣᠢ ᠶᠢᠨ ᠬᠡᠷᠡᠭᠴᠡᠭᠡ ᠶᠢ ᠦᠨᠳᠦᠰᠦᠯᠡᠨ ᠲᠣᠭᠲᠠᠭᠠᠨ᠎ᠠ ᠃ ᠠᠭᠤᠷᠬᠠᠢ | ᠮᠠᠯᠲᠠᠬᠤ ᠳᠤ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ 50%᠂ ᠬᠤᠳᠠᠯᠳᠤᠭᠠᠨ ᠤ ᠬᠡᠷᠡᠭᠯᠡᠬᠦ ᠭᠠᠵᠠᠷ 40% ᠪᠤᠯᠤᠨ᠎ᠠ | ᠂ ᠠᠭᠤᠷᠬᠠᠢ ᠶᠢᠨ ᠪᠤᠰᠤ ᠠᠵᠤ ᠦᠢᠯᠡᠳᠪᠦᠷᠢ ᠳᠤ ᠬᠡᠷᠡᠭᠯᠡᠬᠦ ᠭᠠᠵᠠᠷ 35%᠂ ᠪᠤᠰᠤᠳ ᠵᠦᠢᠯ ᠳᠤ ᠬᠡᠷᠡᠭᠯᠡᠬᠦ ᠭᠠᠵᠠᠷ | 20% ᠪᠠᠶᠢᠵᠦ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠳᠤ ᠲᠣᠭᠲᠠᠭᠠᠭᠰᠠᠨ | ᠪᠠᠶᠢᠪᠠᠯ ᠲᠡᠷᠡ ᠲᠣᠭᠲᠠᠭᠠᠯ ᠢ ᠵᠢᠷᠤᠮᠯᠠᠨ᠎ᠠ᠃ ᠲᠣᠬᠢᠷᠠᠭᠤᠯᠬᠤ ᠮᠥᠩᠭᠦ ᠲᠠᠲᠠᠪᠤᠷᠢᠯᠠᠬᠤ ᠶᠠᠪᠤᠳᠠᠯ ᠢ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠲᠠᠪᠤᠷᠢᠯᠠᠨ᠎ᠠ᠃ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠨᠢ ︽ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠣᠰᠣᠭᠠᠷ ᠭᠠᠵᠠᠷ | ᠰᠢᠷᠣᠢ ᠶᠢᠨ ᠠᠰᠢᠭ ᠣᠯᠵᠠᠪᠤᠷᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠵᠤ᠂ | ᠲᠠᠷᠢᠶᠠᠯᠠᠩ ᠤᠨ ᠰᠠᠯᠠᠭ᠎ᠠ ᠮᠥᠴᠢᠷ ᠨᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠲᠥᠰᠥᠯ ᠢ ᠪᠠᠶᠢᠭ᠎ᠠ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠠᠩᠬ᠎ᠠ ᠬᠢᠨᠠᠭᠤᠯᠬᠤ ᠬᠡᠷᠡᠭᠲᠡᠢ᠃ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠠᠴᠠ | ᠬᠡᠰᠡᠭ ᠭᠠᠵᠠᠷ ᠤᠨ ᠣᠳᠣᠬᠢ ᠪᠠᠶᠢᠳᠠᠯ᠂ ᠡᠷᠬᠡ ᠶᠢᠨ ᠬᠠᠷᠢᠶᠠᠯᠠᠯ ᠤᠨ ᠪᠠᠶᠢᠳᠠᠯ᠂ ᠨᠥᠬᠦᠪᠦᠷᠢ ᠶᠢᠨ ᠪᠠᠶᠢᠳᠠᠯ ᠪᠠ | ᠬᠠᠮᠲᠤᠷᠠᠨ ᠡᠵᠡᠩᠨᠡᠬᠦ ︵ᠬᠤᠪᠢ ᠣᠷᠣᠬᠤ︶ ᠭᠡᠷ᠎ᠡ ᠲᠣᠭᠲᠠᠬᠤ ᠶᠢᠨ ᠲᠦᠭᠰᠢᠭᠦᠷᠢᠲᠦ ᠴᠢᠨᠠᠷ ᠵᠡᠷᠭᠡ ᠶᠢ ᠬᠢᠨᠠᠨ | ᠪᠠᠶᠢᠴᠠᠭᠠᠬᠤ ᠶᠢᠨ ᠬᠠᠮᠲᠤ ᠰᠠᠨᠠᠯ ᠭᠠᠷᠭᠠᠭᠰᠠᠨ ᠤ ᠳᠠᠷᠠᠭ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠬᠢᠨ ᠬᠢᠨᠠᠭᠤᠯᠤᠭᠰᠠᠨ ᠤ ᠳᠠᠷᠠᠭ᠎ᠠ᠂ ᠬᠤᠰᠢᠭᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠠᠷᠪᠠᠨ ᠬᠤᠶᠠᠳᠤᠭᠠᠷ ᠵᠦᠢᠯ ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠲᠥᠰᠥᠯ ᠢ ᠬᠤᠰᠢᠭᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠰᠠᠭ ᠤᠨ ᠣᠷᠳᠣᠨ ᠤ ᠰᠦᠯᠵᠢᠶᠡᠨ ᠳᠤ ᠢᠯᠡ ᠨᠡᠶᠢᠲᠡᠯᠡᠵᠦ᠂ | ᠢᠯᠡ ᠨᠡᠶᠢᠲᠡᠯᠡᠬᠦ ᠴᠠᠭ ᠢ 5 ᠠᠵᠢᠯᠯᠠᠬᠤ ᠡᠳᠦᠷ ᠠᠴᠠ ᠳᠤᠤᠷ᠎ᠠ ᠪᠠᠶᠢᠯᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠢᠯᠡ ᠨᠡᠶᠢᠲᠡᠯᠡᠬᠦ ᠠᠯᠪᠠᠨ ᠵᠠᠷ ᠳᠠᠭᠤᠰᠤᠭᠰᠠᠨ ᠤ ᠳᠠᠷᠠᠭ᠎ᠠ᠂ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠥᠷᠥᠯ ᠵᠦᠢᠯ ᠤᠨ ᠨᠢᠭᠡᠴᠡ ᠪᠤᠶᠤ ᠬᠤᠪᠢ | ᠬᠥᠮᠥᠨ ᠯᠦᠭᠡ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠮᠲᠤᠷᠠᠨ | ᠡᠵᠡᠩᠨᠡᠬᠦ ︵ᠬᠤᠪᠢ ᠣᠷᠣᠭᠤᠯᠬᠤ︶ ᠭᠡᠷ᠎ᠡ︾ ᠲᠣᠭᠲᠠᠬᠤ ᠬᠡᠷᠡᠭᠲᠡᠢ᠃ ᠭᠡᠷ᠎ᠡ ᠶᠢᠨ ᠠᠭᠤᠯᠭ᠎ᠠ ᠳᠤ ᠭᠠᠵᠠᠷ | ᠰᠢᠷᠣᠢ ᠶᠢᠨ ᠪᠠᠶᠢᠷᠢᠯᠠᠯ᠂ ᠬᠡᠷᠡᠭᠴᠡᠭᠡ᠂ ᠲᠠᠯᠠᠪᠠᠶ᠂ ᠲᠥᠯᠦᠪᠵᠢᠭᠦᠯᠭᠡ ᠶᠢᠨ ᠨᠥᠬᠦᠴᠡᠯ᠂ ᠬᠡᠷᠡᠭᠯᠡᠬᠦ ᠵᠢᠯ ᠬᠤᠭᠤᠴᠠᠭ᠎ᠠ | ᠂ ᠠᠵᠤ ᠦᠢᠯᠡᠰ ᠤᠨ ᠵᠥᠪᠰᠢᠶᠡᠷᠡᠯ ᠤᠨ ᠱᠠᠭᠠᠷᠳᠠᠯᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ᠂ ᠡᠬᠢᠯᠡᠵᠦ ᠳᠠᠭᠤᠰᠬᠠᠬᠤ ᠴᠠᠭ᠂ ᠬᠠᠮᠲᠤ ᠶᠢᠨ ᠭᠠᠵᠠᠷ ᠰᠢᠷᠣᠢ ᠶᠢᠨ ᠬᠤᠯᠪᠤᠭᠠᠯᠠᠨ | ᠡᠵᠡᠩᠨᠡᠬᠦ ︵ᠬᠤᠪᠢ ᠣᠷᠣᠬᠤ︶ ᠠᠰᠢᠭ ᠣᠯᠵᠠᠪᠤᠷᠢ ᠶᠢᠨ ᠬᠤᠪᠢᠳᠠᠯ᠂ ᠬᠤᠶᠠᠷ ᠲᠠᠯ᠎ᠠ ᠶᠢᠨ ᠭᠡᠷ᠎ᠡ ᠵᠥᠷᠢᠴᠡᠭᠰᠡᠨ | ᠬᠠᠷᠢᠭᠤᠴᠠᠯᠭ᠎ᠠ ᠵᠡᠷᠭᠡ ᠬᠠᠤᠯᠢ ᠴᠠᠭᠠᠵᠠᠲ᠋ᠦ᠋ᠷᠢᠮ ᠲᠣᠭᠲᠠᠭᠠᠯ ᠤᠨ ᠱᠠᠭᠠᠷᠳᠠᠯᠭ᠎ᠠ ᠶᠢᠨ ᠬᠠᠮᠢᠶ᠎ᠠ ᠪᠦᠬᠦᠢ ᠠᠭᠤᠯᠭ᠎ᠠ ᠶᠢ | ᠪᠠᠭᠲᠠᠭᠠᠨ᠎ᠠ᠃ ᠭᠠᠵᠠᠷ ᠰᠢᠷᠣᠢ ᠬᠡᠷᠡᠭᠯᠡᠬᠦ ᠵᠢᠯ ᠬᠤᠭᠤᠴᠠᠭ᠎ᠠ ᠶᠢ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | | ᠠᠷᠪᠠᠨ ᠳᠥᠷᠪᠡᠳᠦᠭᠡᠷ ᠵᠦᠢᠯ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠳᠤ ᠬᠤᠯᠪᠣᠭᠳᠠᠬᠤ ᠭᠠᠵᠠᠷ ᠰᠢᠷᠣᠢ ᠳᠠᠭᠠᠭᠠᠴᠢᠯᠠᠭᠰᠠᠨ | ᠮᠠᠯᠵᠢᠬᠤ ᠡᠷᠦᠬᠡ ᠶᠢᠨ ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ᠂ ᠲᠥᠪᠬᠢᠨᠡᠭᠦᠯᠬᠦ ᠨᠥᠬᠦᠪᠦᠷᠢ ᠶᠢᠨ | ᠰᠦᠢᠳᠬᠡᠯ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ ᠲᠥᠯᠥᠪᠦᠷᠢ ᠶᠢᠨ ᠰᠦᠢᠳᠬᠡᠯ᠂ ᠰᠢᠨ᠎ᠡ ᠪᠠᠷ ᠨᠡᠮᠡᠭᠳᠡᠭᠰᠡᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠦᠷᠢ ᠲᠠᠢ ᠪᠠᠷ ᠬᠡᠷᠡᠭᠯᠡᠬᠦ ᠰᠦᠢᠳᠬᠡᠯ ᠵᠡᠷᠭᠡ ᠶᠢ ᠵᠠᠷᠴᠢᠮ | ᠳᠡᠭᠡᠷ᠎ᠡ ᠪᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠥᠭᠭᠦᠨ᠎ᠡ᠃ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠥᠯᠥᠬᠦ ᠴᠢᠳᠠᠯ ᠦᠭᠡᠢ ᠪᠠᠶᠢᠪᠠᠯ᠂ | ᠬᠤᠯᠪᠤᠭᠠᠯᠠᠨ ᠡᠵᠡᠩᠨᠡᠭᠰᠡᠨ ︵ᠬᠤᠪᠢ ᠣᠷᠣᠭᠰᠠᠨ︶ ᠭᠠᠵᠠᠷ ᠰᠢᠷᠣᠢ ᠶᠢ ᠬᠡᠷᠡᠭᠯᠡᠵᠦ ᠪᠠᠶᠢᠭ᠎ᠠ ᠨᠢᠭᠡᠴᠡ ᠪᠤᠶᠤ ᠬᠤᠪᠢ | ᠬᠥᠮᠥᠨ ᠠᠴᠠ ᠣᠷᠣᠯᠠᠨ ᠲᠤᠰᠢᠶᠠᠵᠤ᠂ ᠵᠣᠬᠢᠬᠤ ᠵᠣᠭᠤᠰ ᠤᠨ ᠲᠤᠭ᠎ᠠ ᠶᠢ ᠬᠤᠯᠪᠤᠭᠠᠯᠠᠨ ᠡᠵᠡᠩᠨᠡᠭᠰᠡᠨ ︵ᠬᠤᠪᠢ | ᠣᠷᠣᠭᠰᠠᠨ︶ ᠪᠡᠯᠡ ᠮᠥᠩᠭᠦ ᠶᠢᠨ ᠳᠣᠲᠣᠷ᠎ᠠ ᠠᠴᠠ ᠬᠠᠰᠤᠵᠤ ᠭᠠᠷᠭᠠᠨ᠎ᠠ᠃ ᠡᠭᠦᠨ ᠳᠤ ᠬᠤᠯᠪᠣᠭᠳᠠᠭᠰᠠᠨ ᠲᠠᠷᠢᠶᠠᠨ | ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ᠂ ᠭᠡᠷ᠎ᠡ ᠶᠢᠨ ᠭᠠᠶᠢᠯᠢ ᠵᠡᠷᠭᠡ ᠭᠠᠶᠢᠯᠢ ᠶᠢᠨ ᠵᠣᠭᠤᠰ ᠤᠨ ᠵᠣᠬᠢᠴᠠᠩᠭᠤᠢ | ᠵᠣᠭᠤᠰ ᠤᠨ ᠲᠤᠭ᠎ᠠ ᠶᠢ ᠭᠠᠵᠠᠷ ᠰᠢᠷᠣᠢ ᠬᠡᠷᠡᠭᠯᠡᠭᠴᠢ ᠠᠴᠠ ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠲᠥᠷᠥᠯ ᠵᠦᠢᠯ ᠤᠨ ᠨᠢᠭᠡᠴᠡ ᠨᠢ ᠬᠢᠨᠠᠨ ᠵᠥᠪᠰᠢᠶᠡᠷᠡᠭᠰᠡᠨ ︵ᠳᠠᠩᠰᠠᠯᠠᠭᠤᠯᠤᠭᠰᠠᠨ | ︶ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠠᠪᠴᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠶᠢ ᠭᠦᠢᠴᠡᠳᠬᠡᠵᠦ᠂ | ᠵᠥᠪᠰᠢᠶᠡᠷᠡᠭᠦᠯᠦᠭᠰᠡᠨ ᠤ ᠳᠠᠷᠠᠭ᠎ᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠠᠴᠠ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠭᠠᠵᠠᠷ ᠬᠠᠩᠭᠠᠵᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠶᠤ ᠬᠤᠪᠢ ᠬᠥᠮᠥᠨ ᠳᠤ ᠬᠡᠷᠡᠭᠯᠡᠭᠦᠯᠦᠨ᠎ᠡ᠃ | ᠠᠷᠪᠠᠨ ᠵᠢᠷᠭᠤᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠶᠢ ᠬᠢᠨᠠᠨ | ᠵᠥᠪᠰᠢᠶᠡᠷᠡᠭᠰᠡᠨ ᠤ ᠳᠠᠷᠠᠭ᠎ᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠥᠷᠥᠯ | ᠵᠦᠢᠯ ᠤᠨ ᠨᠢᠭᠡᠴᠡ ᠪᠤᠶᠤ ᠬᠤᠪᠢ ᠬᠥᠮᠥᠨ ᠯᠦᠭᠡ ᠭᠡᠷ᠎ᠡ ᠪᠣᠯᠣᠨ ᠨᠥᠬᠦᠪᠦᠷᠢ ᠵᠠᠷᠤᠳᠠᠯ ᠤᠨ ᠬᠠᠮᠢᠶ᠎ᠠ ᠪᠦᠬᠦᠢ | ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ ᠠᠪᠴᠤ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠨ᠎ᠠ᠃ ᠭᠠᠵᠠᠷ ᠬᠡᠷᠡᠭᠯᠡᠬᠦ ᠨᠢᠭᠡᠴᠡ ᠵᠢᠷᠤᠮ ᠶᠣᠰᠣᠭᠠᠷ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠨ᠎ᠠ᠃ | ᠠᠷᠪᠠᠨ ᠳᠣᠯᠣᠳᠤᠭᠠᠷ ᠵᠦᠢᠯ ᠬᠠᠤᠯᠢ ᠶᠣᠰᠣᠭᠠᠷ ᠵᠥᠪᠰᠢᠶᠡᠷᠡᠭᠰᠡᠨ ᠬᠠᠮᠲᠤᠷᠠᠨ ᠡᠵᠡᠩᠨᠡᠬᠦ ︵ᠬᠤᠪᠢ ᠣᠷᠣᠬᠤ︶ | ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠣᠢ ᠬᠡᠷᠡᠭᠯᠡᠬᠦ ᠭᠡᠷ᠎ᠡ ᠶᠢᠨ | ᠬᠤᠭᠤᠴᠠᠭ᠎ᠠ ᠳᠦᠭᠦᠷᠬᠦ ᠠᠴᠠ ᠡᠮᠦᠨ᠎ᠡ᠂ ᠵᠠᠷᠴᠢᠮ ᠳᠡᠭᠡᠷ᠎ᠡ ᠪᠠᠨ ᠪᠤᠴᠠᠭᠠᠨ ᠠᠪᠴᠤ ᠪᠣᠯᠬᠤ ᠦᠭᠡᠢ᠃ ᠣᠯᠠᠨ | ᠨᠡᠶᠢᠲᠡ ᠶᠢᠨ ᠠᠰᠢᠭ ᠲᠤᠰᠠ ᠵᠡᠷᠭᠡ ᠰᠢᠯᠲᠠᠭᠠᠨ ᠠᠴᠠ ᠪᠣᠯᠵᠤ ᠦᠨᠡᠨᠬᠦ ᠪᠤᠴᠠᠭᠠᠨ ᠠᠪᠬᠤ ᠴᠢᠬᠤᠯᠠ ᠲᠠᠢ ᠪᠣᠯ᠂ | ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠤ | ᠵᠥᠪᠰᠢᠶᠡᠷᠡᠯ ᠢ ᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠬᠡᠷᠡᠭᠯᠡᠭᠰᠡᠨ ᠨᠢᠭᠡᠴᠡ ᠪᠤᠶᠤ ᠬᠤᠪᠢ ᠬᠥᠮᠥᠨ ᠯᠦᠭᠡ ᠪᠤᠴᠠᠭᠠᠨ ᠠᠪᠬᠤ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ | ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ᠂ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠤ | ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠤᠴᠠᠭᠠᠨ ᠠᠪᠤᠨ᠎ᠠ᠃ ᠭᠠᠵᠠᠷ | ᠰᠢᠷᠣᠢ ᠶᠢ ᠬᠡᠷᠡᠭᠯᠡᠬᠦ ᠭᠡᠷ᠎ᠡ ᠶᠢᠨ ᠬᠤᠭᠤᠴᠠᠭ᠎ᠠ ᠳᠦᠭᠦᠷᠬᠦ ᠠᠴᠠ ᠡᠮᠦᠨ᠎ᠡ ᠭᠠᠵᠠᠷ ᠰᠢᠷᠣᠢ ᠶᠢ ᠪᠤᠴᠠᠭᠠᠨ ᠠᠪᠤᠭᠰᠠᠨ | ᠪᠠᠶᠢᠪᠠᠯ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠰᠢᠷᠣᠢ ᠶᠢᠨ | ᠪᠣᠳᠠᠲᠠᠢ ᠬᠡᠷᠡᠭᠯᠡᠭᠰᠡᠨ ᠵᠢᠯ ᠬᠤᠭᠤᠴᠠᠭ᠎ᠠ ᠵᠢᠴᠢ ᠭᠠᠵᠠᠷ ᠰᠢᠷᠣᠢ ᠶᠢ ᠨᠡᠭᠡᠭᠡᠨ ᠠᠰᠢᠭᠯᠠᠭᠰᠠᠨ ᠥᠪᠡᠷ ᠤᠨ ᠥᠷᠲᠡᠭ | ᠵᠡᠷᠭᠡ ᠶᠢ ᠦᠨᠳᠦᠰᠦᠯᠡᠨ ᠵᠣᠬᠢᠬᠤ ᠨᠥᠬᠦᠪᠦᠷᠢ ᠥᠭᠬᠦ ᠬᠡᠷᠡᠭᠲᠡᠢ᠃ | ᠳᠥᠷᠪᠡᠳᠦᠭᠡᠷ ᠪᠦᠯᠦᠭ ᠬᠢᠨᠠᠵᠤ ᠬᠠᠮᠢᠶᠠᠷᠬᠤ | ᠠᠷᠪᠠᠨ ᠨᠠᠢᠮᠠᠳᠤᠭᠠᠷ ᠵᠦᠢᠯ ᠬᠠᠮᠲᠤᠷᠠᠨ ᠡᠵᠡᠩᠨᠡᠬᠦ ︵ᠬᠤᠪᠢ ᠣᠷᠣᠬᠤ︶ ᠭᠠᠵᠠᠷ ᠰᠢᠷᠣᠢ ᠬᠡᠷᠡᠭᠯᠡᠬᠦ ᠨᠢᠭᠡᠴᠡ | ᠪᠤᠶᠤ ᠬᠤᠪᠢ ᠬᠥᠮᠥᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠪᠣᠯᠣᠨ ︽ | ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠬᠠᠮᠲᠤᠷᠠᠨ ᠡᠵᠡᠩᠨᠡᠬᠦ ︵ | ᠬᠤᠪᠢ ᠣᠷᠣᠬᠤ︶ ᠭᠡᠷ᠎ᠡ︾ ᠶᠢᠨ ᠬᠤᠯᠪᠣᠭᠳᠠᠯ ᠪᠦᠬᠦᠢ ᠵᠦᠢᠯ ᠵᠤᠷᠪᠤᠰ ᠲᠤ ᠲᠣᠭᠲᠠᠭᠠᠭᠰᠠᠨ ᠬᠠᠮᠢᠶ᠎ᠠ ᠪᠦᠬᠦᠢ | ᠱᠠᠭᠠᠷᠳᠠᠯᠭ᠎ᠠ ᠬᠢᠭᠡᠳ ᠲᠥᠯᠦᠪᠵᠢᠭᠦᠯᠭᠡ ᠶᠢᠨ ᠨᠥᠬᠦᠴᠡᠯ ᠶᠣᠰᠣᠭᠠᠷ ᠨᠡᠭᠡᠭᠡᠨ ᠠᠰᠢᠭᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠮᠲᠤᠷᠠᠨ ᠡᠵᠡᠩᠨᠡᠭᠰᠡᠨ ︵ᠬᠤᠪᠢ ᠣᠷᠣᠭᠤᠯᠤᠭᠰᠠᠨ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠨᠥᠬᠦᠴᠡᠯ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠬᠦᠴᠦᠯᠡᠴᠡ ᠵᠡᠷᠭᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠲᠥᠯᠦᠪᠵᠢᠭᠦᠯᠭᠡ ᠶᠢᠨ | ᠨᠥᠬᠦᠴᠡᠯ ᠵᠡᠷᠭᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠦᠭᠡᠢ ᠶᠢ ᠨᠢ ᠲᠣᠷᠭᠠᠨ᠎ᠠ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠵᠡᠷᠭᠡ | ᠰᠢᠯᠲᠠᠭᠠᠨ ᠠᠴᠠ ᠪᠣᠯᠵᠤ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ᠂ ᠪᠠᠭᠲᠠᠭᠠᠮᠵᠢ ᠶᠢᠨ ᠨᠣᠷᠮ᠎ᠠ ᠶᠢ | ᠬᠤᠪᠢᠷᠠᠭᠤᠯᠬᠤ ᠵᠡᠷᠭᠡ ᠲᠥᠯᠦᠪᠵᠢᠭᠦᠯᠭᠡ ᠶᠢᠨ ᠨᠥᠬᠦᠴᠡᠯ ᠢ ᠬᠤᠪᠢᠷᠠᠭᠤᠯᠬᠤ ᠴᠢᠬᠤᠯᠠ ᠲᠠᠢ ᠪᠣᠯ᠂ ᠭᠠᠵᠠᠷ | ᠰᠢᠷᠣᠢ ᠶᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠨᠢᠭᠡᠴᠡ ᠪᠤᠶᠤ ᠬᠤᠪᠢ ᠬᠥᠮᠥᠨ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ | ᠵᠥᠪᠰᠢᠶᠡᠷᠡᠭᠦᠯᠦᠨ᠎ᠡ᠃ | ᠬᠤᠷᠢᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠨᠢ ︽ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ | ᠭᠡᠷ᠎ᠡ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠵᠦᠢ | ᠵᠣᠬᠢᠰᠲᠠᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠣᠭᠲᠠᠭᠠᠵᠤ᠂ ᠮᠠᠯᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ᠂ ᠨᠢᠭᠡᠴᠡ ᠪᠠ ᠬᠤᠪᠢ ᠬᠥᠮᠥᠨ ᠤ ᠬᠠᠮᠲᠤ ᠶᠢᠨ ᠭᠠᠵᠠᠷ | ᠰᠢᠷᠣᠢ ᠶᠢ ᠬᠡᠷᠡᠭᠯᠡᠬᠦ ᠶᠢᠨ ᠲᠣᠭᠲᠠᠪᠤᠷᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨᠬᠦ ᠪᠠᠲᠤᠯᠠᠨ᠎ᠠ᠃ | ᠲᠠᠪᠤᠳᠤᠭᠠᠷ ᠪᠦᠯᠦᠭᠲ᠋ᠠᠭᠠᠯᠳᠤᠭᠤᠯᠤᠭᠰᠠᠨ ᠳᠦᠷᠢᠮ | ᠬᠤᠷᠢᠨ ᠨᠢᠭᠡᠳᠦᠭᠡᠷ ᠵᠦᠢᠯ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠠᠮᠲᠤᠷᠠᠨ | ᠡᠵᠡᠩᠨᠡᠬᠦ ︵ᠬᠤᠪᠢ ᠣᠷᠣᠭᠤᠯᠬᠤ︶ ᠲᠤᠬᠠᠢ ᠤᠯᠤᠰ ᠪᠤᠶᠤ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠲᠣᠰ ᠲᠣᠭᠲᠠᠭᠠᠯ ᠢ ᠥᠪᠡᠰᠦᠪᠡᠨ | ᠬᠦᠴᠦᠨ ᠦᠭᠡᠢ ᠪᠣᠯᠭᠠᠨ᠎ᠠ᠃ | ᠬᠤᠷᠢᠨ ᠬᠤᠶᠠᠳᠤᠭᠠᠷ ᠵᠦᠢᠯ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024ᠣᠨ ᠤ 6 ᠰᠠᠷ᠎ᠠ ᠶᠢᠨ 5 ᠤ ᠡᠳᠦᠷ | | | | | | | | | | | | |