12 ᠰᠠᠷ᠎ᠠ ᠶᠢᠨ 24 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠤᠨ ᠦᠷ᠎ᠡ ᠪᠦᠲᠦᠭᠡᠯ ᠤᠨ ᠲᠤᠬᠠᠢ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠣᠷᠴᠢᠨ ᠲᠣᠭᠤᠷᠢᠨ | ᠤ ᠲᠣᠪᠴᠢᠶᠠᠨ ᠤ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶᠠᠨ ᠤ ᠬᠠᠷᠢᠭᠤᠴᠠᠯᠭᠠᠲᠠᠨ ᠠᠴᠠ | 2024 ᠣᠨ ᠤ ᠪᠥᠬᠦ ᠬᠤᠰᠢᠭᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠪᠠᠶᠢᠳᠠᠯ ᠢ | ᠲᠠᠨᠢᠯᠴᠠᠭᠤᠯᠪᠠ᠃ | ᠠᠭᠠᠷ ᠮᠠᠨᠳᠠᠯ ᠤᠨ ᠬᠠᠮᠠᠭᠠᠯᠠᠯᠳᠠ᠄ ᠪᠠᠯᠠᠭᠠᠷᠭᠤᠤᠯ ᠪᠠᠯᠭᠠᠰᠤᠨ ᠤ ᠠᠭᠠᠷ ᠮᠠᠨᠳᠠᠯ ᠤᠨ ᠴᠡᠪᠡᠷᠴᠡ ᠶᠢᠨ | ᠪᠠᠷᠢᠮᠵᠢᠶᠠᠨ ᠳᠤ ᠬᠦᠷᠦᠭᠰᠡᠨ ᠡᠳᠦᠷ ᠤᠨ ᠬᠠᠷᠢᠴᠠᠯ 98.5% ᠳᠤ ᠬᠦᠷᠴᠦ᠂ PM2.5 ᠶᠢᠨ ᠳᠤᠮᠳᠠᠴᠢ | ᠥᠳᠬᠡᠴᠡ ᠨᠢ 5 ᠮᠢᠺᠷᠥᠭᠷᠠᠮ/ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ ᠪᠥᠬᠦ ᠬᠤᠰᠢᠭᠤᠨ ᠤ ᠬᠦᠨᠳᠦ | ᠪᠣᠬᠢᠷᠲᠤᠯ ᠲᠠᠢ ᠴᠠᠭ ᠠᠭᠠᠷ ᠢ ᠠᠷᠭᠠᠴᠠᠬᠤ ᠲᠥᠰᠥᠯ ᠢ ᠵᠠᠰᠠᠪᠤᠷᠢᠯᠠᠨ ᠨᠠᠶᠢᠷᠠᠭᠤᠯᠵᠤ᠂ ᠪᠣᠬᠢᠷᠲᠤᠯ ᠢ | ᠭᠠᠳᠠᠭᠰᠢᠯᠠᠭᠤᠯᠬᠤ ᠶᠢ ᠬᠢᠵᠠᠭᠠᠷᠯᠠᠬᠤ ᠪᠦᠷᠢᠳᠬᠡᠯ ᠢ ᠰᠢᠨᠡᠳᠬᠡᠨ 107 ᠠᠵᠤ ᠠᠬᠤᠶᠢᠯᠠᠯ ᠢ ᠪᠦᠷᠢᠳᠬᠡᠯ ᠳᠤ | ᠤᠷᠤᠭᠤᠯᠵᠤ᠂ 3 ᠠᠵᠤ ᠠᠬᠤᠶᠢᠯᠠᠯ ᠤᠨ ᠠᠵᠢᠯ ᠤᠨ ᠦᠷ᠎ᠡ ᠪᠦᠲᠦᠮᠵᠢ ᠶᠢ ᠲᠠᠰ ᠬᠤᠪᠢᠶᠠᠨ ᠬᠠᠮᠢᠶᠠᠷᠬᠤ ᠳᠤ | ᠣᠷᠣᠭᠤᠯᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠪᠠ ᠠᠵᠢᠯ ᠲᠥᠷᠥᠯ ᠤᠨ ᠴᠢᠨᠠᠷ | ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ ᠶᠢ ᠤᠯᠪᠠ᠃ ᠴᠠᠶᠢᠶ᠋ᠢᠦ ᠲᠣᠰᠣᠨ ᠤ ᠪᠠᠷᠠᠭᠠᠨ ᠲᠡᠷᠭᠡ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠲᠡᠷᠭᠡᠨ ᠤ ᠪᠤᠬᠢᠷ ᠬᠡᠢ ᠶᠢᠨ ᠠᠯᠤᠰ ᠡᠵᠡᠮᠳᠡᠯ ᠤᠨ | ᠬᠡᠮᠵᠢᠯᠲᠡ ᠪᠠ ᠵᠠᠮ ᠱᠤᠭᠤᠮ ᠲᠡᠭᠡᠷᠡᠬᠢ ᠮᠠᠰᠢᠨ ᠲᠡᠷᠭᠡᠨ ᠤ ᠪᠤᠬᠢᠷ ᠬᠡᠢ ᠶᠢ ᠰᠤᠭᠤᠴᠢᠨ ᠬᠡᠮᠵᠢᠬᠦ ᠠᠵᠢᠯ ᠢ | ᠥᠷᠨᠢᠭᠦᠯᠵᠦ᠂ ᠵᠢᠯ ᠤᠨ ᠳᠣᠲᠣᠷ᠎ᠠ 474 ᠪᠠᠶᠢᠴᠠᠭᠠᠨ ᠬᠡᠮᠵᠢᠯᠲᠡ ᠬᠢᠵᠦ ᠪᠠᠷᠢᠮᠵᠢᠶ᠎ᠠ ᠳᠤ ᠬᠦᠷᠦᠭᠰᠡᠨ ᠨᠣᠷᠮ᠎ᠠ | 99% ᠶᠢ ᠳᠠᠪᠠᠵᠠᠢ᠃ ᠡᠩ ᠤᠨ ᠬᠡᠷᠡᠭᠯᠡᠭᠡᠨ ᠤ ᠮᠠᠰᠢᠨ ᠮᠧᠬᠠᠨᠢᠭ ᠢ ᠳ᠋ᠤᠭᠠᠷᠯᠠᠨ ᠳᠠᠩᠰᠠᠯᠠᠬᠤ ᠠᠵᠢᠯ ᠢ ᠰᠠᠶᠢᠳᠤᠷ | ᠬᠢᠬᠦ ᠶᠢᠨ ᠬᠠᠮᠳᠤ᠂ ᠲᠦᠯᠡᠰᠢ ᠰᠢᠳᠠᠭᠠᠯᠭ᠎ᠠ ᠶᠢ ᠪᠠᠶᠢᠩᠭᠤᠵᠢᠭᠤᠯᠤᠨ ᠠᠳᠬᠤᠵᠤ᠂ ᠪᠣᠬᠢᠷᠲᠤᠯ ᠶᠡᠬᠡᠲᠡᠢ ᠲᠦᠯᠡᠰᠢ | ᠰᠢᠳᠠᠭᠠᠬᠤ ᠶᠢ ᠴᠠᠭᠠᠵᠠᠯᠠᠬᠤ ᠣᠷᠣᠨ ᠳᠤ ᠨᠡᠭᠦᠷᠡᠰᠦ ᠲᠦᠯᠡᠬᠦ᠂ ᠪᠣᠷᠣᠯᠠᠭᠤᠯᠬᠤ ᠪᠠ ᠨᠡᠭᠦᠷᠡᠰᠦ ᠰᠢᠳᠠᠭᠠᠬᠤ ᠵᠢᠵᠢᠭ | ᠭᠦᠸᠧᠯᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠴᠡᠭᠴᠡᠯᠡᠵᠦ᠂ ᠰᠢᠳᠠᠭᠠᠯᠭ᠎ᠠ ᠶᠢᠨ ᠬᠡᠮᠵᠢᠶ᠎ᠡ 10 ᠲᠣᠨ/ | ᠴᠠᠭ ᠠᠴᠠ ᠳᠣᠷᠣᠭᠰᠢ ᠨᠡᠭᠦᠷᠡᠰᠦ ᠰᠢᠲᠠᠭᠠᠬᠤ ᠭᠦᠸᠧᠯᠦ ᠶᠢ ᠦᠭᠡᠶᠢᠰᠬᠡᠭᠰᠡᠨ ᠪᠠᠶᠢᠨ᠎ᠠ᠃ ᠣᠽᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠰᠠᠶᠢᠳᠤᠷ ᠠᠳᠬᠤᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠲᠤᠨᠤᠭ ᠰᠡᠯᠪᠢᠨ ᠵᠠᠰᠠᠬᠤ᠂ ᠭᠡᠷ ᠤᠨ ᠬᠡᠷᠡᠭᠰᠡᠯ ᠦᠢᠯᠡᠳᠬᠦ | ᠪᠠ ᠰᠢᠷ ᠪᠤᠳᠤᠭ ᠤᠷᠤᠭᠤᠯᠬᠤ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠡᠭᠡᠭᠰᠢᠯᠡᠬᠦᠯᠪᠡ᠃ ᠮᠠᠰᠢᠨᠲᠤ ᠲᠡᠷᠭᠡ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ ᠮᠠᠰᠢᠨᠲᠤ ᠲᠡᠷᠭᠡ ᠶᠢ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠲᠤᠰᠬᠠᠢ ᠲᠦᠷᠦᠯ ᠤᠨ ᠪᠠᠶᠢᠴᠠᠭᠠᠯᠲᠠ ᠶᠢ ᠦᠷᠨᠢᠭᠦᠯᠦᠨ ᠬᠠᠤᠯᠢ ᠲᠣᠭᠲᠠᠭᠠᠯ | ᠶᠤᠰᠤᠭᠠᠷ ᠴᠢᠩᠭ᠎ᠠ ᠶᠠᠪᠤᠭᠳᠠᠬᠤ ᠶᠢ ᠪᠠᠳᠤᠯᠠᠪᠠ᠃ | ᠤᠰᠤ ᠤᠮᠳᠠ ᠶᠢᠨ ᠬᠠᠮᠠᠭᠠᠯᠠᠯᠳᠠ᠄ 4 ᠭᠠᠵᠠᠷ ᠤᠨ ᠭᠠᠳᠠᠷᠭᠤ ᠶᠢᠨ ᠤᠰᠤᠨ ᠤ ᠣᠷᠣᠨ ᠤ ᠡᠵᠡᠮᠰᠢᠯ ᠤᠨ | ᠣᠭᠲᠣᠯᠣᠭᠠᠰᠤ ᠳᠤ ᠲᠣᠭᠲᠠᠮᠠᠯ ᠬᠤᠭᠤᠴᠠᠭ᠎ᠠ ᠲᠠᠢ ᠪᠠᠷ ᠤᠰᠤᠨ ᠤ ᠴᠢᠨᠠᠷ ᠤᠨ ᠬᠢᠨᠠᠨ ᠬᠡᠮᠵᠢᠯᠲᠡ ᠬᠢᠵᠦ᠂ ᠪᠥᠬᠦ | ᠵᠢᠯ ᠳᠤ ᠤᠰᠤᠨ ᠤ ᠴᠢᠨᠠᠷ ᠪᠤᠬᠢᠷ ᠦᠭᠡᠢ V ᠲᠥᠷᠥᠯ ᠪᠠᠶᠢᠬᠤ ᠶᠢ ᠪᠠᠳᠤᠯᠠᠪᠠ᠃ ᠤᠰᠤᠨ ᠠᠰᠢᠭᠯᠠᠯᠲᠠ ᠶᠢᠨ | ᠬᠡᠯᠳᠡᠰ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠨᠢ ᠪᠥᠬᠦ ᠬᠤᠰᠢᠭᠤᠨ ᠤ | ᠭᠠᠵᠠᠷ ᠳᠡᠭᠡᠷᠡᠬᠢ ᠤᠰᠤᠨ ᠤ ᠣᠷᠴᠢᠨ ᠳᠤ ᠶᠠᠰᠤ ᠴᠢᠨᠠᠷ ᠤᠨ ᠪᠠᠶᠢᠴᠠᠭᠠᠯᠲᠠ ᠬᠢᠵᠦ᠂ ᠭᠠᠵᠠᠷ ᠳᠡᠭᠡᠷᠡᠬᠢ ᠤᠰᠤᠨ ᠤ | ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠳᠤ ᠲᠤᠭ᠎ᠠ ᠪᠠᠷᠢᠮᠳᠠ | ᠬᠠᠩᠭᠠᠪᠠ᠃ ᠭᠤᠣᠯ ᠤᠰᠤ ᠶᠢ ᠪᠣᠬᠢᠷᠳᠤᠭᠤᠯᠬᠤ ᠠᠮᠠ ᠶᠢ ᠬᠢᠨᠠᠨ ᠬᠡᠮᠵᠢᠬᠦ ᠪᠠ ᠴᠡᠭᠴᠡᠯᠡᠨ ᠵᠠᠰᠠᠬᠤ ᠠᠵᠢᠯ ᠢ | ᠴᠢᠩᠭᠠᠳᠬᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠭᠤᠣᠯ ᠤᠰᠤᠨ ᠳᠤ ᠪᠤᠬᠢᠷ ᠪᠤᠳᠠᠰ ᠤᠷᠤᠰᠤᠨ | ᠤᠷᠤᠬᠤ ᠭᠠᠵᠠᠷ ︵ᠬᠡᠰᠡᠭ ᠪᠦᠷᠢ ᠶᠢ ᠬᠠᠨᠳᠤᠯᠭ᠎ᠠ ᠲᠠᠢ ᠵᠠᠰᠠᠬᠤ︶ ᠢ ᠴᠡᠭᠴᠡᠯᠡᠨ ᠵᠠᠰᠠᠬᠤ ᠲᠥᠰᠥᠯ︾ ᠢ | ᠲᠣᠭᠲᠠᠭᠠᠨ ᠲᠠᠷᠬᠠᠭᠠᠵᠤ ᠭᠤᠣᠯ ᠤᠷᠤᠭᠤ ᠪᠤᠬᠢᠷ ᠪᠣᠳᠠᠰ ᠤᠷᠤᠰᠤᠨ ᠤᠷᠤᠬᠤ ᠶᠢ ᠪᠦᠲᠦᠮᠵᠢᠲᠡᠶ ᠬᠤᠷᠢᠭᠯᠠᠪᠠ᠃ | ᠬᠤᠲᠠ ᠪᠠᠯᠭᠠᠰᠤᠨ ᠤ ᠲᠦᠭᠡᠭᠡᠯ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ | ᠦᠨᠡᠯᠡᠬᠦ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠠᠶᠢᠴᠠᠭᠠᠬᠤ ᠵᠢᠴᠢ ᠤᠰᠤᠨ ᠤ ᠴᠢᠨᠠᠷ ᠢ ᠤᠯᠠᠷᠢᠯ ᠢᠶᠠᠷ | ᠬᠢᠨᠠᠨ ᠬᠡᠮᠵᠢᠵᠦ ᠬᠤᠰᠢᠭᠤ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠳᠡᠯᠡᠪᠡ᠃ ᠬᠤᠲᠠ ᠪᠠᠯᠭᠠᠰᠤ ᠪᠠ | ᠬᠦᠷᠢᠶᠡᠯᠡᠩ ᠲᠣᠭᠤᠷᠢᠭ ᠤᠨ 2 ᠰᠠᠭᠤᠷᠢ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ ᠴᠢᠩᠭᠠᠳᠬᠠᠨ ᠴᠢᠨᠠᠷ | ᠴᠢᠨᠰᠠᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠪᠠᠳᠤᠯᠠᠪᠠ᠃ | ᠬᠦᠷᠦᠰᠦ ᠰᠢᠷᠤᠢ ᠶᠢᠨ ᠬᠠᠮᠠᠭᠠᠯᠠᠯᠳᠠ᠄ ᠬᠥᠷᠥᠰᠥ ᠰᠢᠷᠣᠢ ᠶᠢᠨ ᠬᠢᠨᠠᠨ ᠬᠠᠮᠢᠶᠠᠷᠤᠯᠳᠠ ᠶᠢᠨ ᠭᠤᠣᠯᠳᠠᠯᠭ᠎ᠠ ᠲᠠᠢ | ᠨᠢᠭᠡᠴᠡ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ 6 ᠨᠢᠭᠡᠴᠡ ᠶᠢᠨ ᠬᠥᠷᠥᠰᠥ | ᠰᠢᠷᠣᠢ ᠪᠠ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠶᠢ ᠪᠠᠳᠤᠯᠠᠭᠰᠠᠨ ᠤ ᠬᠠᠮᠲᠤ᠂ ᠬᠥᠷᠥᠰᠥ ᠰᠢᠷᠣᠢ ᠶᠢᠨ | ᠪᠣᠬᠢᠷᠲᠤᠯ ᠤᠨ ᠳᠠᠯᠳᠠ ᠬᠡᠮ ᠢ ᠱᠠᠭᠠᠷᠳᠠᠯᠭ᠎ᠠ ᠶᠣᠰᠣᠭᠠᠷ ᠰᠢᠯᠭᠠᠨ ᠪᠠᠶᠢᠴᠠᠭᠠᠪᠠ᠃ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠬᠤᠯᠪᠤᠭᠠᠯᠠᠨ ᠬᠠᠮᠢᠶᠠᠷᠬᠤ ᠶᠢ ᠴᠢᠩᠭᠠᠳᠬᠠᠵᠤ | ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠲᠣᠭᠠᠴᠠᠭ᠎ᠠ ᠬᠢᠬᠦ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠡᠮᠬᠢᠯᠡᠵᠦ᠂ ᠡᠨᠡ ᠵᠢᠯ ᠤᠨ ᠭᠠᠵᠠᠷ ᠰᠢᠷᠤᠢ ᠶᠢᠨ ᠬᠡᠷᠡᠭᠴᠡᠭᠡ ᠶᠢ ᠨᠢ ᠬᠤᠪᠢᠷᠠᠭᠤᠯᠤᠨ | ᠠᠰᠢᠭᠯᠠᠬᠤ ᠲᠦᠰᠦᠯ ᠤᠨ ᠬᠥᠷᠥᠰᠥ ᠰᠢᠷᠣᠢ ᠳᠤ ᠲᠣᠭᠲᠠᠭᠠᠯ ᠶᠣᠰᠣᠭᠠᠷ ᠪᠠᠶᠢᠴᠠᠭᠠᠯᠲᠠ ᠬᠢᠪᠡ᠃ ᠮᠠᠯᠵᠢᠬᠤ | ᠲᠠᠷᠢᠶᠠᠯᠠᠬᠤ ᠣᠷᠣᠨ ᠤ ᠦᠮᠡᠬᠡᠢ ᠤᠰᠤᠨ ᠴᠣᠭᠴᠠ ᠶᠢ ᠪᠠᠶᠢᠴᠠᠭᠠᠬᠤ ᠠᠵᠢᠯ ᠢ ᠤᠯᠠᠷᠢᠯ ᠢᠶᠠᠷ ᠥᠷᠨᠢᠭᠦᠯᠵᠦ᠂ | ᠬᠠᠷᠢᠶ᠎ᠠ ᠣᠷᠣᠨ ᠳᠤ ᠦᠮᠡᠬᠡᠶᠢᠷᠡᠭᠰᠡᠨ ᠤᠰᠤᠨ ᠴᠣᠭᠴᠠ ᠶᠢ ᠢᠯᠡᠷᠡᠭᠦᠯᠦᠭᠰᠡᠨ ᠦᠭᠡᠢ᠃ ᠬᠦᠨᠳᠦ ᠲᠡᠮᠦᠷᠯᠢᠭ ᠲᠤ | ᠬᠤᠯᠪᠣᠭᠳᠠᠭᠰᠠᠨ 5 ᠭᠤᠣᠯᠳᠠᠯᠭ᠎ᠠ ᠲᠠᠢ ᠠᠵᠢᠯ ᠲᠦᠷᠦᠯ ᠢ ᠪᠠᠶᠢᠴᠠᠭᠠᠨ ᠵᠠᠰᠠᠵᠦ ᠬᠥᠷᠥᠰᠥ ᠰᠢᠷᠣᠢ ᠶᠢᠨ | ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ 2024 ᠣᠨ ᠳᠤ 5 | ᠰᠠᠭᠤᠭᠠᠯᠢ ᠲᠤᠭᠤᠷᠢᠭ ᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠡᠭᠦᠷᠭᠡ ᠶᠢ ᠪᠡᠶᠡᠯᠡᠭᠦᠯᠵᠦ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠪᠠ᠃ ᠬᠠᠲᠠᠭᠤ ᠪᠡᠶᠡᠲᠦ ᠬᠠᠶᠠᠭᠳᠠᠯ ᠪᠣᠳᠠᠰ ᠤᠨ ᠣᠷᠴᠢᠨ | ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠠᠶᠤᠯᠭᠦᠢ ᠪᠠᠷ ᠰᠢᠢᠳᠪᠦᠷᠢᠯᠡᠵᠦ ᠠᠰᠢᠭᠯᠠᠬᠤ ᠶᠢ | ᠪᠡᠶᠡᠯᠡᠭᠦᠯᠦᠨ ᠣᠨ ᠤ ᠦᠨᠡᠯᠡᠨ ᠵᠢᠱᠢᠯᠲᠡ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100% ᠳᠤ ᠬᠦᠷᠭᠡᠪᠡ᠃ | ᠠᠭᠤᠷᠬᠠᠢ ᠶᠢᠨ ᠦᠯᠡᠳᠡᠭᠳᠡᠯ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ | ᠨᠠᠶᠢᠳᠠᠪᠤᠷᠢᠵᠢᠭᠤᠯᠵᠤ ᠲᠠᠰ ᠬᠤᠪᠢᠶᠠᠭᠰᠠᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ | ᠠᠭᠤᠷᠬᠠᠢ ᠶᠢᠨ ᠦᠯᠡᠳᠡᠭᠳᠡᠯ ᠬᠦᠮᠦᠷᠭᠡ ᠳᠤ ᠬᠤᠯᠪᠣᠭᠳᠠᠬᠤ 5 ᠠᠵᠤ ᠠᠬᠤᠶᠢᠯᠠᠯ ᠤᠨ ᠦᠶᠡᠷ ᠤᠨ ᠬᠤᠭᠤᠴᠠᠭᠠᠨ ᠤ | ᠳᠠᠯᠳᠠ ᠬᠡᠮ ᠢ ᠪᠠᠶᠢᠴᠠᠭᠠᠬᠤ ᠵᠢᠴᠢ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠠᠵᠢᠯ ᠢ | ᠬᠦᠢᠴᠡᠳᠬᠡᠵᠦ ᠣᠷᠴᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠪᠠ᠃ | ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶᠠᠨ ᠤ ᠪᠠᠷᠠᠭᠤᠨ | ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠬᠦᠯᠦᠨ᠂ ᠡᠬᠡ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠪᠠᠷᠠᠭᠤᠨ ᠦᠵᠦᠮᠦᠴᠢᠨ | ᠬᠤᠰᠢᠭᠤᠨ ᠤ ᠪᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠦᠷᠭᠦᠯᠵᠢᠯᠡᠨ | ᠴᠢᠷᠮᠠᠶᠢᠬᠤ ᠪᠤᠯᠤᠨ᠎ᠠ᠃ |