ᠪᠠᠶᠠᠨᠬᠤᠸᠠ ᠶᠢᠨ ᠬᠥᠩᠭᠡᠨᠴᠠᠭᠠᠨ ᠴᠠᠬᠢᠯᠭᠠᠨ ᠤ ᠺᠣᠮᠫᠠᠨᠢ ᠨᠢ 2010 ᠣᠨ ᠠᠴᠠ ᠡᠬᠢᠯᠡᠨ ᠲᠦᠷᠦᠯ ᠵᠦᠢᠯ | ᠪᠠᠶᠢᠭᠤᠯᠤᠭᠰᠠᠨ ᠠᠴᠠ 2023 ᠣᠨ ᠪᠣᠯᠬᠤ ᠳᠤ ᠪᠦᠬᠦ ᠪᠠᠭᠲᠠᠭᠠᠮᠵᠢ ᠪᠠᠷ ᠠᠰᠢᠭᠯᠠᠯᠲᠠ ᠳᠤ ᠣᠷᠣᠭᠤᠯᠬᠤ ᠪᠠᠷ ᠲᠣᠭᠲᠠᠵᠤ | ᠂ ︽ᠪᠣᠬᠢᠷᠲᠤᠯ ᠦᠭᠡᠢ ᠣᠷᠴᠢᠯ ᠠᠵᠤ ᠠᠬᠤᠢ ᠶᠢ ᠪᠠᠶᠢᠭᠤᠯᠵᠤ᠂ ᠲᠠᠯ᠎ᠠ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ︾ ᠬᠠᠷᠠᠯᠲᠠ ᠪᠣᠯᠣᠨ ᠲᠠᠷᠬᠠᠨ ᠡᠭᠦᠷᠭᠡ ᠪᠠᠨ ᠢᠮᠠᠭᠲᠠ ᠪᠠᠲᠤ ᠰᠠᠬᠢᠵᠤ᠂ ︽ᠨᠡᠭᠦᠷᠡᠰᠦ ︱ ᠴᠠᠬᠢᠯᠭᠠᠨ | ︱ᠬᠥᠩᠭᠡᠨᠴᠠᠭᠠᠨ ︱ ᠬᠥᠩᠭᠡᠨᠴᠠᠭᠠᠨ ᠤ ᠡᠳ᠋ᠰᠢᠭᠦᠯᠦᠯᠲᠡ︾ ᠶᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ | ᠠᠵᠤ ᠦᠢᠯᠡᠰ ᠤᠨ ᠰᠦᠷᠦᠭᠵᠢᠯ ᠢ ᠪᠠᠶᠢᠭᠤᠯᠵᠠᠢ᠃ ᠪᠦᠬᠦ ᠪᠠᠭᠲᠠᠭᠠᠮᠵᠢ ᠪᠠᠷ ᠠᠰᠢᠭᠯᠠᠯᠲᠠ ᠳᠤ ᠣᠷᠣᠭᠤᠯᠤᠭᠰᠠᠨ ᠤ | ᠳᠠᠷᠠᠭᠠᠬᠢ ᠵᠢᠯ ᠤᠨ ᠦᠢᠯᠡᠳᠬᠦᠨ ᠤ ᠦᠷᠳᠡᠭ ᠨᠢ 75 ᠳ᠋ᠦᠩᠰᠢᠭᠤᠷ ᠲᠥᠭᠦᠷᠢᠭ ᠲᠤ ᠬᠦᠷᠬᠦ ᠪᠠᠷ ᠵᠢᠱᠢᠵᠦ᠂ ᠳᠡᠭᠡᠭᠰᠢ | ᠲᠤᠰᠢᠶᠠᠬᠤ ᠭᠠᠶᠢᠯᠢ ᠰᠦᠢᠳᠬᠡᠯ ᠴᠦ 4 . 5 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠣᠳᠣᠬᠠᠨ ᠳᠤ᠂ | ᠪᠠᠶᠠᠨᠬᠤᠸᠠ ᠶᠢᠨ ᠬᠥᠩᠭᠡᠨᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠦᠢᠯᠡᠳᠪᠦᠷᠢᠯᠡᠯ ᠤᠨ ᠴᠢᠳᠠᠪᠤᠷᠢ ᠪᠠᠨ ᠭᠠᠷᠭᠠᠬᠤ | ᠬᠤᠭᠤᠴᠠᠭᠠᠨ ᠳᠤ ᠣᠷᠣᠵᠤ᠂ ᠦᠢᠯᠡᠳᠬᠦᠨ ᠤ ᠥᠷᠲᠡᠭ ᠤᠨ ᠶᠡᠷᠦᠩᠬᠡᠢ ᠬᠡᠮᠵᠢᠶ᠎ᠡ ᠨᠢ ᠢᠯᠡᠳᠲᠡ ᠳᠡᠭᠡᠭᠰᠢᠯᠡᠵᠦ᠂ ᠪᠠᠷᠠᠭᠤᠨ | ᠦᠵᠦᠮᠦᠴᠢᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠭᠤᠣᠯ ᠬᠦᠴᠦᠨ | ᠪᠣᠯᠤᠭᠰᠠᠨ ᠪᠠᠶᠢᠨ᠎ᠠ᠃ | | ᠪᠢᠳᠡ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠠᠴᠠ ᠣᠶᠢᠯᠠᠭᠠᠭᠰᠠᠨ ᠢᠶᠠᠷ᠂ ᠨᠠᠷᠢᠨ ᠪᠣᠳᠠᠲᠠᠢ ᠪᠥᠭᠡᠳ | ᠲᠣᠳᠣᠷᠬᠠᠢ ᠲᠤᠭ᠎ᠠ ᠪᠠᠷᠢᠮᠲᠠ ᠨᠢ ᠲᠡᠭᠦᠨ ᠤ ᠬᠥᠭᠵᠢᠯᠲᠡ ᠶᠢᠨ ᠵᠠᠮ ᠢ ᠲᠣᠳᠣ ᠬᠠᠷᠠᠭᠤᠯᠵᠤ ᠪᠠᠶᠢᠯ᠎ᠠ᠄ 2010 ᠣᠨ ᠳᠤ᠂ | ᠪᠠᠶᠠᠨᠬᠤᠸᠠ ᠶᠢᠨ ᠳᠡᠭᠡᠳᠦ ᠨᠠᠷᠢᠯᠢᠭ ᠬᠥᠩᠭᠡᠨᠴᠠᠭᠠᠨ ᠬᠠᠪᠲᠠᠰᠤᠨ ᠤ ᠲᠦᠷᠦᠯ ᠵᠦᠢᠯ ᠨᠢ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠲᠦᠷᠦᠯ ᠵᠦᠢᠯ ᠤᠨ ᠴᠣᠬᠤᠯᠠᠪᠤᠷᠢ ᠶᠢ ᠠᠮᠵᠢᠯᠲᠠ ᠲᠠᠢ ᠣᠯᠵᠠᠢ᠃ | 2016 ᠣᠨ ᠤ 7 ᠰᠠᠷ᠎ᠠ ᠳᠤ᠂ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠲᠣᠮᠣ ᠬᠡᠯᠪᠡᠷᠢ ᠶᠢᠨ ᠴᠠᠬᠢᠯᠭᠠᠨ | ᠵᠠᠳᠠᠯᠤᠯ ᠤᠨ ᠬᠥᠩᠭᠡᠨᠴᠠᠭᠠᠨ ᠤ ᠦᠢᠯᠡᠳᠪᠦᠷᠢ ︱ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠵᠢᠩᠬᠢᠨᠢ ᠪᠠᠷ | ᠪᠠᠶᠢᠭᠤᠯᠤᠭᠳᠠᠵᠠᠢ᠃ 2018 ᠣᠨ ᠤ 9 ᠰᠠᠷ᠎ᠠ ᠳᠤ᠂ ᠪᠠᠶᠠᠨᠬᠤᠸᠠ ᠳᠡᠭᠡᠳᠦ ᠨᠠᠷᠢᠯᠢᠭ ᠬᠥᠩᠭᠡᠨᠴᠠᠭᠠᠨ ᠬᠠᠪᠲᠠᠰᠤᠨ ᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ 2020 ᠣᠨ ᠤ 5 ᠰᠠᠷ᠎ᠠ ᠠᠴᠠ 9 ᠰᠠᠷ᠎ᠠ ᠪᠣᠯᠲᠠᠯ᠎ᠠ᠂ | ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ 2022 ᠣᠨ ᠤ 7 | ᠰᠠᠷ᠎ᠠ ᠳᠤ᠂ ᠪᠡᠯᠭᠡ ᠲᠡᠮᠳᠡᠭᠲᠦ ᠴᠢᠨᠠᠷᠲᠠᠢ ᠠᠴᠢ ᠬᠤᠯᠪᠣᠭᠳᠠᠯ ᠪᠦᠬᠦᠢ ᠠᠩᠬᠠᠳᠠᠭᠴᠢ ᠲᠤᠰᠠᠯᠠᠬᠤ ᠰᠢᠰᠲ᠋ᠧᠮ ᠤᠨ ᠠᠷᠭ᠎ᠠ | ᠲᠤᠶᠢᠯ ᠢ ᠤᠭᠰᠠᠷᠠᠬᠤ ᠦᠢᠯᠡᠳᠪᠦᠷᠢᠯᠡᠯ ᠤᠨ ᠱᠤᠭᠤᠮ ᠢ ᠤᠷᠤᠭᠰᠢᠲᠠᠢ ᠨᠡᠪᠲᠡᠷᠡᠭᠦᠯᠪᠡ᠃ ᠲᠤᠰ ᠵᠢᠯ ᠤᠨ 7 ᠰᠠᠷ᠎ᠠ ᠶᠢᠨ | ᠰᠡᠭᠦᠯᠴᠢ ᠪᠠᠷ᠂ 220kV ᠨᠡᠭᠡᠭᠡᠯᠭᠡ ᠶᠢᠨ ᠦᠷᠳᠡᠭᠡ ᠪᠣᠯᠣᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ | ᠲᠣᠣᠷ ᠢ ᠠᠮᠵᠢᠯᠲᠠ ᠲᠠᠢ ᠵᠠᠯᠭᠠᠭᠤᠯᠵᠤ᠂ ᠴᠠᠬᠢᠯᠭᠠᠨ ᠢ ᠨᠢᠭᠡ ᠯᠡ ᠤᠳᠠᠭ᠎ᠠ ᠶᠢᠨ ᠴᠢᠨᠠᠷᠲᠠᠢ ᠲᠡᠭᠦᠰ ᠠᠮᠵᠢᠯᠲᠠ ᠲᠠᠢ | ᠬᠦᠷᠭᠡᠵᠦ᠂ ᠴᠠᠬᠢᠯᠭᠠᠨ ᠵᠠᠳᠠᠯᠤᠯᠲᠠ ᠶᠢᠨ ᠰᠢᠷᠢᠰ ᠴᠠᠬᠢᠯᠭᠠᠨ ᠭᠦᠶᠦᠳᠡᠯ ᠤᠨ ᠬᠡᠯᠬᠢᠶᠡᠨ ᠤ ᠲᠤᠷᠰᠢᠯᠲᠠ ᠶᠢ ᠪᠡᠶᠡᠯᠡᠭᠦᠯᠪᠡ᠃ | | ᠪᠣᠬᠢᠷᠳᠣᠯ ᠦᠭᠡᠢ ᠴᠠᠬᠢᠯᠭᠠᠨ ᠤ ᠳᠠᠪᠠᠭᠤᠯᠢᠭ ᠳᠣᠣᠷ᠎ᠠ᠂ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠨᠢ ᠰᠢᠨ᠎ᠡ ︽ | ᠬᠥᠩᠭᠡᠨ ᠴᠠᠭᠠᠨ︾ ᠤ ᠠᠶᠠᠨ ᠢᠶᠠᠨ ᠡᠬᠢᠯᠡᠭᠦᠯᠵᠡᠢ᠃ ᠡᠨᠡ ᠵᠢᠯ᠂ ᠲᠣᠰ ᠺᠣᠮᠫᠠᠨᠢ ᠶᠢᠨ 2500 ᠲᠣᠨ ︽ᠪᠤᠬᠢᠷᠳᠣᠯ | ᠦᠭᠡᠢ ᠴᠠᠬᠢᠯᠭᠠᠨ ᠤ ᠬᠥᠩᠭᠡᠨᠴᠠᠭᠠᠨ ᠢ ᠳᠠᠬᠢᠨ ᠬᠠᠶᠢᠯᠤᠭᠤᠯᠬᠤ ᠳᠤ ᠬᠡᠷᠡᠭᠯᠡᠬᠦ ᠬᠥᠩᠭᠡᠨᠴᠠᠭᠠᠨ ᠤ ᠲᠡᠪᠬᠡ︾ ᠵᠢᠴᠢ | ᠲᠦᠷᠦᠭᠦᠸ ᠪᠦᠯᠦᠭ ᠤᠨ 2500 ᠲᠣᠨ ᠴᠠᠬᠢᠯᠭᠠᠨ ᠵᠠᠳᠠᠯᠤᠯ ᠤᠨ ᠤᠤᠯ ᠬᠥᠩᠭᠡᠨᠴᠠᠭᠠᠨ ᠤ ᠰᠢᠩᠭᠡᠨ ᠨᠢ ᠳᠤᠮᠳᠠᠳᠤ | ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠪᠣᠬᠢᠷᠲᠤᠯ ᠦᠭᠡᠢ ᠦᠢᠯᠡᠳᠬᠦᠨ ᠤ | ᠦᠨᠡᠯᠡᠯᠲᠡ ᠶᠢᠨ ᠲᠥᠪ ᠤᠨ ᠭᠡᠷᠡᠴᠢᠯᠡᠯᠲᠡ ᠶᠢ ᠤᠷᠤᠭᠰᠢᠲᠠᠢ ᠥᠩᠭᠡᠷᠡᠭᠡᠵᠦ᠂ ︽ᠪᠣᠬᠢᠷᠳᠣᠯ ᠦᠭᠡᠢ ᠴᠠᠬᠢᠯᠭᠠᠨ ᠤ | ᠬᠥᠩᠭᠡᠨᠴᠠᠭᠠᠨ ᠤ ᠦᠢᠯᠡᠳᠬᠦᠨ ᠤ ᠦᠨᠡᠯᠡᠯᠲᠡ ᠶᠢᠨ ᠦᠨᠡᠮᠯᠡᠯ︾ ᠢ ᠣᠯᠣᠭᠰᠠᠨ ᠪᠠᠶᠢᠨ᠎ᠠ᠂ ᠡᠨᠡ ᠨᠢ ᠲᠣᠰ ᠺᠣᠮᠫᠠᠨᠢ ᠶᠢᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ | ᠠᠮᠵᠢᠯᠲᠠ ᠪᠦᠲᠦᠮᠵᠢ ᠪᠠ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ | | ᠺᠣᠮᠫᠠᠨᠢ ᠶᠢᠨ ᠡᠭᠦᠳᠦᠭᠰᠡᠨ ᠤᠯᠤᠰ ᠤᠨ ᠳᠣᠲᠣᠭᠠᠳᠤ ᠶᠢᠨ ᠲᠡᠷᠢᠭᠦᠨ ᠳᠡᠰ ᠤᠨ ᠴᠠᠬᠢᠯᠭᠠᠨ ᠵᠠᠳᠠᠯᠤᠯ ᠤᠨ | ᠬᠥᠩᠭᠡᠨᠴᠠᠭᠠᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠰᠢᠰᠲ᠋ᠧᠮ ᠨᠢ ᠵᠢᠯ ᠪᠦᠷᠢ ᠹᠯᠣᠷᠲᠤ ᠨᠢᠭᠡᠳᠪᠦᠷᠢ ᠶᠢᠨ | ᠭᠠᠳᠠᠭᠰᠢᠯᠠᠭᠤᠯᠤᠯᠲᠠ ᠶᠢ ᠪᠠᠷᠤᠭ 93 ᠲᠣᠨ ᠪᠠᠭᠠᠰᠬᠠᠵᠤ᠂ ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠪᠠᠷᠤᠭ 5821 ᠲᠣᠨ ᠪᠠᠭᠠᠰᠬᠠᠵᠤ᠂ ᠮᠥᠬᠦᠯᠢᠭᠲᠦ ᠪᠣᠳᠠᠰ ᠤᠨ ᠭᠠᠳᠠᠭᠰᠢᠯᠠᠭᠤᠯᠤᠯᠲᠠ ᠶᠢ 582 ᠲᠣᠨ ᠪᠠᠭᠠᠰᠬᠠᠵᠠᠢ᠃ | ᠡᠭᠦᠨ ᠢᠶᠠᠷ ᠪᠠᠷᠠᠬᠤ ᠦᠭᠡᠢ᠂ ᠠᠵᠤ ᠠᠬᠤᠶᠢᠯᠠᠯ ᠤᠳ ᠡᠨᠧᠷᠭᠢ ᠶᠢᠨ ᠪᠠᠶᠢᠷᠢᠰᠢᠭᠤᠯᠤᠯᠲᠠ ᠪᠠ ᠪᠦᠲᠦᠴᠡ ᠶᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠨᠠᠩ ᠣᠯᠠᠨ ᠪᠣᠬᠢᠷᠲᠤᠯ ᠦᠭᠡᠢ ᠥᠷᠲᠡᠭ ᠢ ᠡᠭᠦᠳᠦᠭᠰᠡᠨ ᠪᠠᠶᠢᠨ᠎ᠠ᠃ | | ᠺᠣᠮᠫᠠᠨᠢ ᠶᠢᠨ ᠦᠢᠯᠡᠳᠪᠦᠷᠢᠯᠡᠯ ᠮᠡᠷᠭᠡᠵᠢᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠄ ︽ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠪᠣᠯ ᠠᠵᠤ ᠠᠬᠤᠶᠢᠯᠠᠯ ᠤᠨ ᠵᠠᠪᠠᠯ ᠬᠠᠷᠢᠭᠤᠯᠬᠤ ᠰᠡᠳᠦᠪ ᠮᠥᠨ᠂ ᠨᠡᠩ ᠴᠤ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠬᠦᠴᠦᠯᠡᠬᠦ ᠴᠡᠭ᠂ ᠪᠣᠬᠢᠷᠲᠤᠯ ᠦᠭᠡᠢ ᠬᠥᠭᠵᠢᠯᠲᠡ ᠶᠢᠨ | ᠰᠢᠪᠲᠤᠯᠤᠯᠲᠠ ᠶᠢᠨ ᠴᠡᠭ ᠮᠥᠨ᠂ ᠮᠠᠨ ᠤ ᠺᠣᠮᠫᠠᠨᠢ ᠪᠣᠬᠢᠷᠲᠤᠯ ᠦᠭᠡᠢ ᠦᠷᠳᠡᠭ ᠢ ᠲᠠᠰᠤᠷᠠᠯᠳᠡ ᠦᠭᠡᠢ ᠡᠭᠦᠳᠴᠦ᠂ | ᠡᠨᠧᠷᠭᠢ ᠶᠢᠨ ᠪᠠᠶᠢᠷᠢᠰᠢᠯ ᠪᠣᠯᠣᠨ ᠪᠦᠲᠦᠴᠡ ᠶᠢ ᠰᠢᠯᠢᠳᠡᠭᠵᠢᠭᠦᠯᠵᠦ᠂ ᠡᠨᠧᠷᠭᠢ ᠶᠡᠭᠡ ᠠᠴᠢᠶᠠᠯᠠᠬᠤ ᠠᠵᠤ ᠦᠢᠯᠡᠰ ᠤᠨ | ᠠᠷᠢᠭᠤᠨ ᠴᠡᠪᠡᠷ ᠣᠶᠣᠨᠴᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠯᠡ᠃ | ᠲᠤᠰ ᠺᠣᠮᠫᠠᠨᠢ ᠨᠢ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠱᠤᠭᠤᠮ ᠢ ᠪᠠᠷᠢᠮᠲᠠᠯᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ | ᠰᠢᠨ᠎ᠡ ᠶᠢ ᠡᠭᠦᠳᠬᠦ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠦᠨᠳᠦᠰᠦᠲᠡᠨ ᠤ ᠠᠵᠢᠯ ᠪᠣᠯᠣᠨ | ᠪᠣᠬᠢᠷᠲᠤᠯ ᠦᠭᠡᠢ ᠬᠥᠭᠵᠢᠯᠲᠡ᠂ ᠮᠠᠯ ᠠᠵᠤ ᠠᠬᠤᠢ᠂ ᠡᠶ᠎ᠡ ᠵᠣᠬᠢᠴᠠᠩᠭᠤᠢ ᠭᠦᠨᠵᠡᠭᠡᠢ ᠠᠭᠤᠰᠤᠯᠴᠠᠭᠤᠯᠬᠤ ᠵᠡᠷᠭᠡ | ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠲᠠᠰᠤᠷᠠᠯᠳᠡ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠵᠠᠢ᠃ | ᠲᠤᠰ ᠺᠣᠮᠫᠠᠨᠢ ᠨᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠦᠢᠯᠡᠳᠦᠯᠭᠡᠵᠢᠭᠦᠯᠬᠦ ᠣᠶᠢᠯᠠᠭᠠᠭᠳᠠᠬᠤᠨ ᠢ | ᠪᠠᠷᠢᠮᠲᠠᠯᠠᠵᠤ᠂ ︽ᠪᠠᠷᠠᠭᠤᠨ ᠦᠵᠦᠮᠦᠴᠢᠨ ᠢᠶᠠᠨ ᠬᠠᠶᠢᠷᠠᠯᠠᠵᠤ · ᠬᠤᠪᠢ ᠨᠡᠮᠡᠷᠢ ᠡᠷᠭᠦᠶ᠎ᠡ︾ ᠭᠡᠬᠦ ᠭᠦᠨᠵᠡᠭᠡᠢ | ᠠᠭᠤᠯᠤᠭᠳᠠᠬᠤᠨ ᠢ ᠲᠠᠶᠢᠯᠪᠤᠷᠢᠯᠠᠵᠠᠢ᠃ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠬᠥᠭᠵᠢᠯᠲᠡ ᠶᠢᠨ | ᠶᠠᠪᠤᠴᠠ ᠶᠢ ᠡᠷᠭᠢᠴᠡᠭᠦᠯᠪᠡᠯ᠂ ᠲᠡᠷᠡ ᠨᠢ ᠳᠠᠷᠤᠢ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠭᠰᠠᠨ ᠲᠡᠦᠬᠡ ᠪᠣᠯᠣᠨ᠎ᠠ᠃ ᠤᠷᠢᠳ ᠬᠤᠵᠢᠳ 80 ᠭᠠᠷᠤᠢ ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ᠂ ᠡᠷᠬᠢᠨ ᠲᠣᠭᠤᠷᠢᠨ ᠤ ᠮᠠᠯᠴᠢᠨ ᠡᠷᠦᠬᠡ ᠳᠤ ᠤᠰᠤ ᠭᠠᠲᠤᠯᠬᠤ ᠵᠠᠮ ᠵᠠᠰᠠᠨ ᠥᠭᠴᠦ᠂ | ᠮᠠᠯᠴᠢᠳ ᠤᠨ ᠶᠠᠪᠤᠵᠤ ᠰᠠᠭᠤᠬᠤ ᠳᠤ ᠳᠥᠭᠦᠮ ᠳᠥᠲᠡ ᠠᠮᠤᠷ ᠲᠦᠪᠰᠢᠨ ᠨᠦᠭᠦᠴᠡᠯ ᠢ ᠬᠠᠩᠭᠠᠵᠠᠢ᠃ ᠰᠠᠯᠬᠢ ᠬᠠᠯᠬᠠᠯᠠᠬᠤ | ᠬᠡᠷᠡᠮ ᠢ ᠰᠡᠯᠪᠢᠨ ᠵᠠᠰᠠᠵᠤ᠂ ᠮᠠᠯᠴᠢᠳ ᠤᠨ ᠰᠠᠯᠬᠢ ᠰᠢᠭᠤᠷᠭᠠᠨ ᠠᠴᠠ ᠰᠡᠷᠭᠡᠶᠢᠯᠡᠬᠦ ᠳᠤ ᠲᠤᠰᠠᠯᠠᠵᠠᠢ᠃ ᠠᠮᠢᠳᠤᠷᠠᠯ ᠨᠢ | ᠬᠦᠴᠢᠷᠳᠡᠯᠲᠡᠢ ᠮᠠᠯᠴᠢᠳ ᠢ ᠳᠡᠳᠬᠦᠨ᠂ 540 ᠭᠠᠷᠤᠢ ᠮᠠᠯᠴᠢᠨ ᠡᠷᠤᠬᠡ ᠳᠤ ᠠᠰᠢᠭ ᠬᠦᠷᠲᠡᠭᠡᠵᠦ᠂ ᠲᠠᠯ᠎ᠠ ᠨᠤᠲᠤᠭ ᠲᠤ | ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠬᠠᠷᠠᠭᠤᠯᠵᠠᠢ᠃ | ᠲᠤᠰ ᠺᠣᠮᠫᠠᠨᠢ ᠳᠤ ᠣᠳᠣ ᠡᠯ᠎ᠡ ᠦᠨᠳᠦᠰᠦᠲᠡᠨ ᠤ ᠠᠵᠢᠯᠲᠠᠨ ᠠᠵᠢᠯᠴᠢᠨ ᠨᠡᠶᠢᠲᠡ 1000 ᠭᠠᠷᠤᠢ ᠬᠥᠮᠥᠨ ᠪᠠᠶᠢᠵᠤ | ᠂ ᠺᠣᠮᠫᠠᠨᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠠᠮ ᠤᠨ ᠭᠡᠰᠢᠭᠦᠨ ᠪᠠ | ᠠᠵᠢᠯᠲᠠᠨ ᠠᠵᠢᠯᠴᠢᠨ ᠤ ᠡᠳᠦᠷ ᠲᠤᠳᠤᠮ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠭᠤᠯᠵᠤ᠂ ᠵᠢᠯ ᠪᠦᠷᠢ | ᠲᠣᠭᠲᠠᠭᠰᠠᠨ ᠬᠤᠭᠤᠴᠠᠭ᠎ᠠ ᠲᠠᠢ ᠪᠠᠷ ︽ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠰᠠᠷ᠎ᠠ︾ ᠪᠠ ︽ᠭᠡᠷ ᠤᠨ | ᠰᠣᠶᠣᠯ︾ ᠵᠡᠷᠭᠡ ᠦᠨᠳᠦᠰᠦᠲᠡᠨ ᠤ ᠪᠦᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠭᠦᠯᠵᠤ᠂ ᠨᠠᠮ ᠤᠨ | ᠪᠠᠶᠢᠭᠤᠯᠤᠯᠲᠠ ᠶᠢᠨ ᠬᠦᠴᠦᠲᠡᠢ ᠳᠠᠭᠠᠭᠤᠯᠭ᠎ᠠ ᠳᠣᠣᠷ᠎ᠠ᠂ ︽ᠲᠠᠪᠤᠨ ᠨᠢᠭᠡ︾ ᠶᠢᠨ ᠦᠨᠳᠦᠰᠦᠲᠡᠨ ᠤ ᠪᠦᠯᠬᠦᠮᠳᠡᠯ ᠤᠨ ᠭᠡᠷ | ᠣᠷᠣᠨ ᠢ ᠴᠣᠭᠴᠠᠯᠠᠨ ᠪᠠᠶᠢᠭᠤᠯᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠠᠴᠠᠭᠠᠨ ᠳᠤ | ᠭᠦᠨᠵᠡᠭᠡᠶᠢᠷᠡᠨ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠵᠤ ᠪᠠᠶᠢᠨ᠎ᠠ᠃ | 2000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠡᠯ᠎ᠡ ᠲᠦᠷᠦᠯ ᠤᠨ ᠲᠥᠬᠦᠭᠡᠷᠦᠮᠵᠢ ᠪᠦᠷᠢᠨ ᠭᠦᠢᠴᠡᠳ | ︽ᠠᠨᠠᠷ︾ ᠠᠵᠢᠯᠯᠠᠭ᠎ᠠ ᠶᠢᠨ ᠲᠥᠪ ᠨᠢ ᠠᠵᠢᠯᠲᠠᠳ ᠤᠨ ᠪᠦᠯᠬᠦᠮ ᠨᠡᠶᠢᠲᠡ ᠶᠢᠨ ᠠᠵᠢᠯᠯᠠᠭ᠎ᠠ ᠥᠷᠨᠢᠭᠦᠯᠵᠦ᠂ | ᠨᠥᠬᠦᠷᠯᠡᠯ ᠢᠶᠠᠨ ᠵᠤᠵᠠᠭᠠᠳᠬᠠᠬᠤ ᠬᠦᠰᠡᠯᠡᠩ ᠤᠨ ᠲᠠᠯᠠᠪᠤᠷ ᠪᠣᠯᠵᠠᠢ᠃ ᠺᠣᠮᠫᠠᠨᠢ ᠨᠢ ᠪᠠᠰᠠ ᠠᠵᠢᠯᠲᠠᠨ ᠠᠵᠢᠯᠴᠢᠨ ᠤ ᠠᠵᠤ | ᠠᠬᠤᠶᠢᠯᠠᠯ ᠤᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠡᠳ᠋ᠯᠡᠬᠦ ᠶᠢ ᠣᠨᠴᠠᠭᠠᠶᠢᠯᠠᠨ | ᠴᠢᠬᠤᠯᠠᠴᠢᠯᠠᠵᠤ᠂ ᠣᠶᠢᠷ᠎ᠠ ᠶᠢᠨ ᠭᠤᠷᠪᠠᠨ ᠵᠢᠯ ᠳᠤ᠂ ᠠᠵᠢᠯᠲᠠᠨ ᠠᠵᠢᠯᠴᠢᠨ ᠤ ᠣᠷᠣᠯᠭ᠎ᠠ ᠳᠠᠬᠢᠨ ᠢᠶᠠᠷ ᠨᠡᠮᠡᠭᠳᠡᠵᠦ᠂ | ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ ᠰᠠᠶᠢᠵᠢᠷᠠᠭᠤᠯᠵᠤ᠂ ᠲᠡᠳᠡᠨ ᠤ ᠵᠣᠯ ᠵᠢᠷᠭᠠᠯᠲᠤ | ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃ ᠪᠦᠷᠢᠳᠬᠡᠯ ᠠᠴᠠ ᠦᠵᠡᠪᠡᠯ᠂ ᠪᠠᠶᠠᠨᠬᠤᠸᠠ ᠣᠷᠣᠨ ᠤ ᠮᠠᠯᠴᠢᠨ ᠵᠢᠴᠢ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠣᠷᠣᠯᠭ᠎ᠠ ᠴᠥᠮ ᠨᠡᠮᠡᠭᠳᠡᠯ ᠲᠠᠢ ᠪᠣᠯᠵᠤ᠂ ᠮᠠᠯ ᠠᠵᠤ | ᠠᠬᠤᠢ ᠴᠤ ᠡᠶ᠎ᠡ ᠵᠣᠬᠢᠴᠠᠯ ᠲᠠᠢ ᠪᠠᠷ ᠵᠡᠷᠭᠡᠴᠡᠨ ᠣᠷᠣᠰᠢᠬᠤ᠂ ᠬᠠᠮᠲᠤ ᠪᠠᠷ ᠴᠢᠨᠡᠭᠡᠯᠢᠭᠵᠢᠬᠦ ᠰᠠᠶᠢᠨ ᠰᠠᠶᠢᠬᠠᠨ ᠬᠦᠰᠡᠯ | ᠡᠷᠡᠮᠡᠯᠵᠡᠯ ᠢ ᠪᠡᠶᠡᠯᠡᠭᠦᠯᠵᠦ᠂ ᠲᠠᠯ᠎ᠠ ᠨᠤᠲᠤᠭ ᠲᠤ ᠦᠨᠳᠦᠰᠦᠲᠡᠨ ᠤ ᠪᠦᠯᠬᠦᠮᠳᠡᠯ ᠬᠢᠭᠡᠳ ᠠᠵᠤ ᠠᠬᠤᠢ ᠶᠢᠨ | ᠬᠥᠭᠵᠢᠯᠲᠡ ᠶᠢ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠤᠯᠴᠠᠬᠤ ᠢᠷᠠᠭᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ | ᠃ | ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠳ᠋ᠦᠩ ᠯᠢ ᠄ ︽ᠮᠠᠨ ᠤ | ᠺᠣᠮᠫᠠᠨᠢ ᠨᠢ 2020 ᠣᠨ ᠤ 9 ᠰᠠᠷ᠎ᠠ ᠠᠴᠠ ᠡᠬᠢᠯᠡᠨ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠲᠠᠯ᠎ᠠ ᠪᠠᠷ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ 2024 | ᠣᠨ ᠤ ᠪᠦᠬᠦ ᠵᠢᠯ ᠤᠨ ᠡᠵᠡᠩᠨᠡᠯᠲᠡ ᠶᠢᠨ ᠦᠷ᠎ᠡ ᠠᠰᠢᠭ ᠨᠡᠯᠢᠶᠡᠳ ᠰᠠᠶᠢᠨ ᠪᠠᠶᠢᠵᠤ᠂ ᠤᠳᠤ ᠪᠣᠯᠬᠤ ᠳᠤ ᠬᠥᠩᠭᠡᠨᠴᠠᠭᠠᠨ ᠤ | ᠦᠢᠯᠡᠳᠬᠦᠨ ᠤ ᠪᠣᠷᠤᠯᠠᠭᠤᠯᠭ᠎ᠠ ᠪᠠᠷᠤᠭ 38 ᠲᠦᠮᠡᠨ ᠲᠣᠨ ᠳᠤ ᠬᠦᠷᠴᠦ᠂ ᠡᠵᠡᠩᠨᠡᠯᠲᠡ ᠶᠢᠨ ᠠᠰᠢᠭ ᠬᠤᠨᠵᠢᠪᠤᠷᠢ 9 | ᠳ᠋ᠦᠩᠰᠢᠭᠤᠷ ᠲᠥᠭᠦᠷᠢᠭ ᠣᠷᠴᠢᠮ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠲᠣᠭᠲᠠᠭᠤᠨ ᠪᠠᠶᠢᠨ᠎ᠠ︾ ᠭᠡᠯᠡ᠃ | |