2024 ᠣᠨ ᠤ ᠪᠠᠷᠠᠭᠤᠨ ᠬᠤᠰᠢᠭᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠪᠠᠶᠢᠳᠠᠯ
ᠨᠡᠶᠢᠲᠡᠯᠡᠭᠰᠡᠨ ᠴᠠᠭ᠄
2024/12/25
   ᠠᠭᠠᠷ ᠮᠠᠨᠳᠠᠯ ᠤᠨ ᠬᠠᠮᠠᠭᠠᠯᠠᠯᠳᠠ᠄ ᠪᠠᠯᠠᠭᠠᠷᠭᠤᠤᠯ ᠪᠠᠯᠭᠠᠰᠤᠨ ᠤ ᠠᠭᠠᠷ ᠮᠠᠨᠳᠠᠯ ᠤᠨ ᠴᠡᠪᠡᠷᠴᠡ ᠶᠢᠨ ᠪᠠᠷᠢᠮᠵᠢᠶᠠᠨ ᠳᠤ ᠬᠦᠷᠦᠭᠰᠡᠨ ᠡᠳᠦᠷ ᠤᠨ ᠬᠠᠷᠢᠴᠠᠯ 98.5% ᠳᠤ ᠬᠦᠷᠴᠦ᠂ PM2.5 ᠶᠢᠨ ᠳᠤᠮᠳᠠᠴᠢ ᠥᠳᠬᠡᠴᠡ ᠨᠢ 5 ᠮᠢᠺᠷᠥᠭᠷᠠᠮ/ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ ᠪᠥᠬᠦ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠠᠷ ᠢ ᠠᠷᠭᠠᠴᠠᠬᠤ ᠲᠥᠰᠥᠯ ᠢ ᠵᠠᠰᠠᠪᠤᠷᠢᠯᠠᠨ ᠨᠠᠶᠢᠷᠠᠭᠤᠯᠵᠤ᠂ ᠪᠣᠬᠢᠷᠲᠤᠯ ᠢ ᠭᠠᠳᠠᠭᠰᠢᠯᠠᠭᠤᠯᠬᠤ ᠶᠢ ᠬᠢᠵᠠᠭᠠᠷᠯᠠᠬᠤ ᠪᠦᠷᠢᠳᠬᠡᠯ ᠢ ᠰᠢᠨᠡᠳᠬᠡᠨ 107 ᠠᠵᠤ ᠠᠬᠤᠶᠢᠯᠠᠯ ᠢ ᠪᠦᠷᠢᠳᠬᠡᠯ ᠳᠤ ᠤᠷᠤᠭᠤᠯᠵᠤ᠂ 3 ᠠᠵᠤ ᠠᠬᠤᠶᠢᠯᠠᠯ ᠤᠨ ᠠᠵᠢᠯ ᠤᠨ ᠦᠷ᠎ᠡ ᠪᠦᠲᠦᠮᠵᠢ ᠶᠢ ᠲᠠᠰ ᠬᠤᠪᠢᠶᠠᠨ ᠬᠠᠮᠢᠶᠠᠷᠬᠤ ᠳᠤ ᠣᠷᠣᠭᠤᠯᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠪᠠ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ ᠶᠢ ᠤᠯᠪᠠ᠃ ᠴᠠᠶᠢᠶ᠋ᠢᠦ ᠲᠣᠰᠣᠨ ᠤ ᠪᠠᠷᠠᠭᠠᠨ ᠲᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠲᠡᠷᠭᠡᠨ ᠤ ᠪᠤᠬᠢᠷ ᠬᠡᠢ ᠶᠢᠨ ᠠᠯᠤᠰ ᠡᠵᠡᠮᠳᠡᠯ ᠤᠨ ᠬᠡᠮᠵᠢᠯᠲᠡ ᠪᠠ ᠵᠠᠮ ᠱᠤᠭᠤᠮ ᠲᠡᠭᠡᠷᠡᠬᠢ ᠮᠠᠰᠢᠨ ᠲᠡᠷᠭᠡᠨ ᠤ ᠪᠤᠬᠢᠷ ᠬᠡᠢ ᠶᠢ ᠰᠤᠭᠤᠴᠢᠨ ᠬᠡᠮᠵᠢᠬᠦ ᠠᠵᠢᠯ ᠢ ᠥᠷᠨᠢᠭᠦᠯᠵᠦ᠂ ᠵᠢᠯ ᠤᠨ ᠳᠣᠲᠣᠷ᠎ᠠ 474 ᠪᠠᠶᠢᠴᠠᠭᠠᠨ ᠬᠡᠮᠵᠢᠯᠲᠡ ᠬᠢᠵᠦ ᠪᠠᠷᠢᠮᠵᠢᠶ᠎ᠠ ᠳᠤ ᠬᠦᠷᠦᠭᠰᠡᠨ ᠨᠣᠷᠮ᠎ᠠ 99% ᠶᠢ ᠳᠠᠪᠠᠵᠠᠢ᠃ ᠡᠩ ᠤᠨ ᠬᠡᠷᠡᠭᠯᠡᠭᠡᠨ ᠤ ᠮᠠᠰᠢᠨ ᠮᠧᠬᠠᠨᠢᠭ ᠢ ᠳ᠋ᠤᠭᠠᠷᠯᠠᠨ ᠳᠠᠩᠰᠠᠯᠠᠬᠤ ᠠᠵᠢᠯ ᠢ ᠰᠠᠶᠢᠳᠤᠷ ᠬᠢᠬᠦ ᠶᠢᠨ ᠬᠠᠮᠳᠤ᠂ ᠲᠦᠯᠡᠰᠢ ᠰᠢᠳᠠᠭᠠᠯᠭ᠎ᠠ ᠶᠢ ᠪᠠᠶᠢᠩᠭᠤᠵᠢᠭᠤᠯᠤᠨ ᠠᠳᠬᠤᠵᠤ᠂ ᠪᠣᠬᠢᠷᠲᠤᠯ ᠶᠡᠬᠡᠲᠡᠢ ᠲᠦᠯᠡᠰᠢ ᠰᠢᠳᠠᠭᠠᠬᠤ ᠶᠢ ᠴᠠᠭᠠᠵᠠᠯᠠᠬᠤ ᠣᠷᠣᠨ ᠳᠤ ᠨᠡᠭᠦᠷᠡᠰᠦ ᠲᠦᠯᠡᠬᠦ᠂ ᠪᠣᠷᠣᠯᠠᠭᠤᠯᠬᠤ ᠪᠠ ᠨᠡᠭᠦᠷᠡᠰᠦ ᠰᠢᠳᠠᠭᠠᠬᠤ ᠵᠢᠵᠢᠭ ᠭᠦᠸᠧᠯᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠴᠡᠭᠴᠡᠯᠡᠵᠦ᠂ ᠰᠢᠳᠠᠭᠠᠯᠭ᠎ᠠ ᠶᠢᠨ ᠬᠡᠮᠵᠢᠶ᠎ᠡ 10 ᠲᠣᠨ/ ᠴᠠᠭ ᠠᠴᠠ ᠳᠣᠷᠣᠭᠰᠢ ᠨᠡᠭᠦᠷᠡᠰᠦ ᠰᠢᠲᠠᠭᠠᠬᠤ ᠭᠦᠸᠧᠯᠦ ᠶᠢ ᠦᠭᠡᠶᠢᠰᠬᠡᠭᠰᠡᠨ ᠪᠠᠶᠢᠨ᠎ᠠ᠃ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠰᠠᠶᠢᠳᠤᠷ ᠠᠳᠬᠤᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠲᠤᠨᠤᠭ ᠰᠡᠯᠪᠢᠨ ᠵᠠᠰᠠᠬᠤ᠂ ᠭᠡᠷ ᠤᠨ ᠬᠡᠷᠡᠭᠰᠡᠯ ᠦᠢᠯᠡᠳᠬᠦ ᠪᠠ ᠰᠢᠷ ᠪᠤᠳᠤᠭ ᠤᠷᠤᠭᠤᠯᠬᠤ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠪᠡ᠃ ᠮᠠᠰᠢᠨᠲᠤ ᠲᠡᠷᠭᠡ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ ᠮᠠᠰᠢᠨᠲᠤ ᠲᠡᠷᠭᠡ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠰᠬᠠᠢ ᠲᠦᠷᠦᠯ  ᠤᠨ ᠪᠠᠶᠢᠴᠠᠭᠠᠯᠲᠠ ᠶᠢ ᠦᠷᠨᠢᠭᠦᠯᠦᠨ ᠬᠠᠤᠯᠢ ᠲᠣᠭᠲᠠᠭᠠᠯ ᠶᠤᠰᠤᠭᠠᠷ ᠴᠢᠩᠭ᠎ᠠ ᠶᠠᠪᠤᠭᠳᠠᠬᠤ ᠶᠢ ᠪᠠᠳᠤᠯᠠᠪᠠ᠃    ᠤᠰᠤ ᠤᠮᠳᠠ ᠶᠢᠨ ᠬᠠᠮᠠᠭᠠᠯᠠᠯᠳᠠ᠄ 4 ᠭᠠᠵᠠᠷ ᠤᠨ ᠭᠠᠳᠠᠷᠭᠤ ᠶᠢᠨ ᠤᠰᠤᠨ ᠤ ᠣᠷᠣᠨ ᠤ ᠡᠵᠡᠮᠰᠢᠯ ᠤᠨ ᠣᠭᠲᠣᠯᠣᠭᠠᠰᠤ ᠳᠤ ᠲᠣᠭᠲᠠᠮᠠᠯ ᠬᠤᠭᠤᠴᠠᠭ᠎ᠠ ᠲᠠᠢ ᠪᠠᠷ ᠤᠰᠤᠨ ᠤ ᠴᠢᠨᠠᠷ ᠤᠨ ᠬᠢᠨᠠᠨ ᠬᠡᠮᠵᠢᠯᠲᠡ ᠬᠢᠵᠦ᠂ ᠪᠥᠬᠦ ᠵᠢᠯ ᠳᠤ ᠤᠰᠤᠨ ᠤ ᠴᠢᠨᠠᠷ ᠪᠤᠬᠢᠷ ᠦᠭᠡᠢ V ᠲᠥᠷᠥᠯ ᠪᠠᠶᠢᠬᠤ ᠶᠢ ᠪᠠᠳᠤᠯᠠᠪᠠ᠃ ᠤᠰᠤᠨ ᠠᠰᠢᠭᠯᠠᠯᠲᠠ ᠶᠢᠨ ᠬᠡᠯᠳᠡᠰ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠨᠢ ᠪᠥᠬᠦ ᠬᠤᠰᠢᠭᠤᠨ ᠤ ᠭᠠᠵᠠᠷ ᠳᠡᠭᠡᠷᠡᠬᠢ ᠤᠰᠤᠨ ᠤ ᠣᠷᠴᠢᠨ ᠳᠤ ᠶᠠᠰᠤ ᠴᠢᠨᠠᠷ ᠤᠨ ᠪᠠᠶᠢᠴᠠᠭᠠᠯᠲᠠ ᠬᠢᠵᠦ᠂ ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠳᠤ ᠲᠤᠭ᠎ᠠ ᠪᠠᠷᠢᠮᠳᠠ ᠬᠠᠩᠭᠠᠪᠠ᠃ ᠭᠤᠣᠯ ᠤᠰᠤ ᠶᠢ ᠪᠣᠬᠢᠷᠳᠤᠭᠤᠯᠬᠤ ᠠᠮᠠ ᠶᠢ ᠬᠢᠨᠠᠨ ᠬᠡᠮᠵᠢᠬᠦ ᠪᠠ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠭᠤᠣᠯ ᠤᠰᠤᠨ ᠳᠤ ᠪᠤᠬᠢᠷ ᠪᠤᠳᠠᠰ ᠤᠷᠤᠰᠤᠨ ᠤᠷᠤᠬᠤ ᠭᠠᠵᠠᠷ ︵ᠬᠡᠰᠡᠭ ᠪᠦᠷᠢ ᠶᠢ ᠬᠠᠨᠳᠤᠯᠭ᠎ᠠ ᠲᠠᠢ ᠵᠠᠰᠠᠬᠤ︶ ᠢ ᠴᠡᠭᠴᠡᠯᠡᠨ ᠵᠠᠰᠠᠬᠤ ᠲᠥᠰᠥᠯ︾ ᠢ ᠲᠣᠭᠲᠠᠭᠠᠨ ᠲᠠᠷᠬᠠᠭᠠᠵᠤ ᠭᠤᠣᠯ ᠤᠷᠤᠭᠤ ᠪᠤᠬᠢᠷ ᠪᠣᠳᠠᠰ ᠤᠷᠤᠰᠤᠨ ᠤᠷᠤᠬᠤ ᠶᠢ ᠪᠦᠲᠦᠮᠵᠢᠲᠡᠶ ᠬᠤᠷᠢᠭᠯᠠᠪᠠ᠃ ᠬᠤᠲᠠ ᠪᠠᠯᠭᠠᠰᠤᠨ ᠤ ᠲᠦᠭᠡᠭᠡᠯ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠠᠶᠢᠴᠠᠭᠠᠬᠤ ᠵᠢᠴᠢ ᠤᠰᠤᠨ ᠤ ᠴᠢᠨᠠᠷ ᠢ ᠤᠯᠠᠷᠢᠯ ᠢᠶᠠᠷ ᠬᠢᠨᠠᠨ ᠬᠡᠮᠵᠢᠵᠦ ᠬᠤᠰᠢᠭᠤ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠳᠡᠯᠡᠪᠡ᠃ ᠬᠤᠲᠠ ᠪᠠᠯᠭᠠᠰᠤ ᠪᠠ ᠬᠦᠷᠢᠶᠡᠯᠡᠩ ᠲᠣᠭᠤᠷᠢᠭ ᠤᠨ 2 ᠰᠠᠭᠤᠷᠢ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ ᠴᠢᠩᠭᠠᠳᠬᠠᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠪᠠᠳᠤᠯᠠᠪᠠ᠃    ᠬᠦᠷᠦᠰᠦ ᠰᠢᠷᠤᠢ ᠶᠢᠨ ᠬᠠᠮᠠᠭᠠᠯᠠᠯᠳᠠ᠄ ᠬᠥᠷᠥᠰᠥ ᠰᠢᠷᠣᠢ ᠶᠢᠨ ᠬᠢᠨᠠᠨ ᠬᠠᠮᠢᠶᠠᠷᠤᠯᠳᠠ ᠶᠢᠨ ᠭᠤᠣᠯᠳᠠᠯᠭ᠎ᠠ ᠲᠠᠢ ᠨᠢᠭᠡᠴᠡ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ 6 ᠨᠢᠭᠡᠴᠡ ᠶᠢᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠶᠢ ᠪᠠᠳᠤᠯᠠᠭᠰᠠᠨ ᠤ ᠬᠠᠮᠲᠤ᠂ ᠬᠥᠷᠥᠰᠥ ᠰᠢᠷᠣᠢ ᠶᠢᠨ ᠪᠣᠬᠢᠷᠲᠤᠯ ᠤᠨ ᠳᠠᠯᠳᠠ ᠬᠡᠮ ᠢ ᠱᠠᠭᠠᠷᠳᠠᠯᠭ᠎ᠠ ᠶᠣᠰᠣᠭᠠᠷ ᠰᠢᠯᠭᠠᠨ ᠪᠠᠶᠢᠴᠠᠭᠠᠪᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠬᠤᠯᠪᠤᠭᠠᠯᠠᠨ ᠬᠠᠮᠢᠶᠠᠷᠬᠤ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠲᠣᠭᠠᠴᠠᠭ᠎ᠠ ᠬᠢᠬᠦ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠵᠦ᠂ ᠡᠨᠡ ᠵᠢᠯ ᠤᠨ ᠭᠠᠵᠠᠷ ᠰᠢᠷᠤᠢ ᠶᠢᠨ ᠬᠡᠷᠡᠭᠴᠡᠭᠡ ᠶᠢ ᠨᠢ ᠬᠤᠪᠢᠷᠠᠭᠤᠯᠤᠨ ᠠᠰᠢᠭᠯᠠᠬᠤ ᠲᠦᠰᠦᠯ ᠤᠨ ᠬᠥᠷᠥᠰᠥ ᠰᠢᠷᠣᠢ ᠳᠤ ᠲᠣᠭᠲᠠᠭᠠᠯ ᠶᠣᠰᠣᠭᠠᠷ ᠪᠠᠶᠢᠴᠠᠭᠠᠯᠲᠠ ᠬᠢᠪᠡ᠃ ᠮᠠᠯᠵᠢᠬᠤ ᠲᠠᠷᠢᠶᠠᠯᠠᠬᠤ ᠣᠷᠣᠨ ᠤ ᠦᠮᠡᠬᠡᠢ ᠤᠰᠤᠨ ᠴᠣᠭᠴᠠ ᠶᠢ ᠪᠠᠶᠢᠴᠠᠭᠠᠬᠤ ᠠᠵᠢᠯ ᠢ ᠤᠯᠠᠷᠢᠯ ᠢᠶᠠᠷ ᠥᠷᠨᠢᠭᠦᠯᠵᠦ᠂ ᠬᠠᠷᠢᠶ᠎ᠠ ᠣᠷᠣᠨ ᠳᠤ ᠦᠮᠡᠬᠡᠶᠢᠷᠡᠭᠰᠡᠨ ᠤᠰᠤᠨ ᠴᠣᠭᠴᠠ ᠶᠢ ᠢᠯᠡᠷᠡᠭᠦᠯᠦᠭᠰᠡᠨ ᠦᠭᠡᠢ᠃ ᠬᠦᠨᠳᠦ ᠲᠡᠮᠦᠷᠯᠢᠭ ᠲᠤ ᠬᠤᠯᠪᠣᠭᠳᠠᠭᠰᠠᠨ 5 ᠭᠤᠣᠯᠳᠠᠯᠭ᠎ᠠ ᠲᠠᠢ ᠠᠵᠢᠯ ᠲᠦᠷᠦᠯ ᠢ ᠪᠠᠶᠢᠴᠠᠭᠠᠨ ᠵᠠᠰᠠᠵᠦ ᠬᠥᠷᠥᠰᠥ ᠰᠢᠷᠣᠢ  ᠶᠢᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ 2024 ᠣᠨ ᠳᠤ 5 ᠰᠠᠭᠤᠭᠠᠯᠢ ᠲᠤᠭᠤᠷᠢᠭ ᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠡᠭᠦᠷᠭᠡ ᠶᠢ ᠪᠡᠶᠡᠯᠡᠭᠦᠯᠵᠦ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠪᠠ᠃ ᠬᠠᠲᠠᠭᠤ ᠪᠡᠶᠡᠲᠦ ᠬᠠᠶᠠᠭᠳᠠᠯ ᠪᠣᠳᠠᠰ ᠤᠨ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠠᠶᠤᠯᠭᠦᠢ ᠪᠠᠷ ᠰᠢᠢᠳᠪᠦᠷᠢᠯᠡᠵᠦ ᠠᠰᠢᠭᠯᠠᠬᠤ ᠶᠢ ᠪᠡᠶᠡᠯᠡᠭᠦᠯᠦᠨ ᠣᠨ ᠤ ᠦᠨᠡᠯᠡᠨ ᠵᠢᠱᠢᠯᠲᠡ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100% ᠳᠤ ᠬᠦᠷᠭᠡᠪᠡ᠃ ᠠᠭᠤᠷᠬᠠᠢ ᠶᠢᠨ ᠦᠯᠡᠳᠡᠭᠳᠡᠯ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ ᠲᠠᠰ ᠬᠤᠪᠢᠶᠠᠭᠰᠠᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ ᠠᠭᠤᠷᠬᠠᠢ ᠶᠢᠨ ᠦᠯᠡᠳᠡᠭᠳᠡᠯ ᠬᠦᠮᠦᠷᠭᠡ ᠳᠤ ᠬᠤᠯᠪᠣᠭᠳᠠᠬᠤ 5 ᠠᠵᠤ ᠠᠬᠤᠶᠢᠯᠠᠯ ᠤᠨ ᠦᠶᠡᠷ ᠤᠨ ᠬᠤᠭᠤᠴᠠᠭᠠᠨ ᠤ ᠳᠠᠯᠳᠠ ᠬᠡᠮ ᠢ ᠪᠠᠶᠢᠴᠠᠭᠠᠬᠤ ᠵᠢᠴᠢ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠠᠵᠢᠯ ᠢ ᠬᠦᠢᠴᠡᠳᠬᠡᠵᠦ ᠣᠷᠴᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号