12 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ | ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ 30 ᠬᠦᠮᠦᠨ ᠠᠴᠠ | 28 ᠬᠦᠮᠦᠨ ᠬᠤᠷᠠᠯ ᠳᠤ ᠪᠣᠳᠠᠲᠠᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ | ᠨᠡᠶᠢᠴᠡᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳ | ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂ ᠡᠷᠳᠡᠨᠢᠰᠦ᠋ᠷᠦᠭ᠂ ᠯᠦ ᠵᠧᠨ ᠰᠢᠨ ᠵᠢᠴᠢ ᠪᠤᠰᠤᠳ | ᠭᠡᠰᠢᠭᠦᠳ ᠬᠤᠷᠠᠯ ᠳᠤ ᠣᠷᠣᠯᠴᠠᠵᠠᠢ᠃ | ᠬᠤᠰᠢᠭᠤ ᠳᠡᠳ᠋ ᠳᠠᠷᠤᠭ᠎ᠠ ᠦ᠋ ᡁᠢ ᠴᠢᠶᠠᠩ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠹᠧᠢ | ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ᠂ ᠬᠤᠰᠢᠭᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠦᠦ ᠶᠦᠩ | ᠹᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠰᠢᠯᠢ ᠶᠢᠨ ᠭᠤᠣᠯ ᠠᠶᠢᠮᠠᠭ ᠤᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ | 2035 ᠣᠨ︶︾ ᠶᠢ ᠬᠢᠨᠠᠨ ᠵᠥᠪᠯᠡᠵᠦ ᠪᠠᠲᠤᠯᠠᠪᠠ᠃ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ﹀ ᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠤᠨ ᠬᠢᠨᠠᠨ | ᠵᠥᠪᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠤ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ | ᠶᠠᠪᠤᠳᠠᠯ ᠢ ᠪᠠᠲᠤᠯᠠᠪᠠ᠃ | | |