ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠮᠢᠯᠠᠭᠰᠠᠨ | ᠣᠷᠣᠨ ᠨᠤᠲᠤᠭ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ | ᠪᠠᠶᠢᠳᠠᠯ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ | 23 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠤᠨ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠡᠷᠳᠡᠨᠢᠰᠦ᠋ᠷᠦᠭ ᠬᠤᠷᠠᠯ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠡᠷᠬᠢᠯᠡᠭᠴᠢ ᠪᠣᠯᠣᠳ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂ ᠯᠦ ᠵᠧᠨ ᠰᠢᠨ ᠵᠢᠴᠢ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠪᠣᠯᠣᠨ ᠬᠤᠰᠢᠭᠤ | ᠠᠷᠠᠳ ᠤᠨ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ | ᠬᠤᠷᠠᠯ ᠳᠤ ᠣᠷᠣᠯᠴᠠᠵᠠᠢ᠃ | ᠬᠤᠷᠠᠯ ᠠᠴᠠ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠡᠷᠭᠡ 4 ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ 2024 | ᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ | ᠰᠣᠨᠣᠰᠴᠤ᠂ ᠪᠤᠰᠤᠳ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠪᠢᠴᠢᠭ ᠤᠨ | ᠬᠡᠯᠪᠡᠷᠢ ᠪᠠᠷ ᠬᠢᠨᠠᠨ ᠵᠥᠪᠯᠡᠵᠦ᠂ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ ᠣᠶᠢᠯᠠᠭᠠᠭᠰᠠᠨ ᠢᠶᠠᠷ᠂ ᠲᠣᠰ | ᠤᠳᠠᠭᠠᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠪᠣᠯ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠩᠬ᠎ᠠ ᠤᠳᠠᠭ᠎ᠠ ᠬᠤᠰᠢᠭᠤ | ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠡᠭᠦᠷᠭᠡ | ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠨ ᠰᠢᠯᠭᠠᠵᠤ ᠪᠠᠶᠢᠭ᠎ᠠ ᠪᠣᠯᠣᠨ᠎ᠠ᠃ ︽ᠪᠠᠷᠠᠭᠤᠨ ᠦᠵᠦᠮᠦᠴᠢᠨ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠤᠰᠢᠭᠤ | ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ | ᠲᠣᠭᠲᠠᠭᠠᠬᠤ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠯ ᠪᠦᠷᠢ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠬᠤ ᠶᠢᠨ ᠬᠠᠮᠲᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ | ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠲᠠᠯᠪᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠠᠲᠠᠭᠤ ᠴᠢᠨᠠᠷ ᠢ ᠨᠡᠮᠡᠭᠳᠡᠭᠦᠯᠬᠦ ᠪᠣᠯᠣᠨ᠎ᠠ᠃ | ᠬᠤᠷᠠᠯ ᠳᠤ᠂ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠪᠠ ᠦᠨᠳᠦᠰᠦᠨ ᠬᠠᠤᠯᠢ ᠬᠠᠤᠯᠢ | ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠪᠤᠶ ᠪᠣᠯᠭᠠᠬᠤ ᠪᠠ ᠬᠤᠰᠢᠭᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠵᠢᠴᠢ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠵᠢᠴᠢ ᠲᠤᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ | ᠠᠵᠢᠯ ᠢ ᠥᠷᠨᠢᠭᠦᠯᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠬᠡᠷᠡᠭᠵᠢᠭᠦᠯᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠬᠤ ᠵᠢᠴᠢ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢᠶᠠᠨ ᠮᠡᠳᠡᠭᠦᠯᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠲᠤᠰᠢᠶᠠᠯ ᠳᠤ ᠲᠣᠮᠢᠯᠠᠭᠳᠠᠭᠰᠠᠳ ᠤᠨ ᠲᠤᠰᠢᠶᠠᠯ ᠤᠨ | ᠮᠡᠳᠡᠭᠦᠯᠦᠯᠲᠡ ᠶᠢᠨ ᠪᠠᠶᠢᠳᠠᠯ ᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠤᠨ | ᠲᠥᠯᠥᠭᠡ ᠪᠣᠳᠠᠲᠠᠢ ᠠᠵᠢᠯ ᠬᠢᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠦᠯᠢᠶᠡᠬᠦ | ᠵᠡᠷᠭᠡ ᠠᠭᠤᠯᠭ᠎ᠠ ᠲᠠᠢ ᠤᠶᠠᠯᠳᠤᠭᠤᠯᠤᠨ᠂ ᠲᠣᠰ ᠲᠣᠰ ︽ᠬᠠᠨᠤᠮᠵᠢᠲᠠᠶ᠂ ᠬᠠᠨᠤᠮᠵᠢ ᠦᠭᠡᠢ︾ ᠭᠡᠬᠦ ᠬᠤᠶᠠᠷ | ᠳᠡᠰ ᠤᠨ ᠦᠨᠡᠯᠡᠯᠲᠡ ᠥᠭᠴᠡᠢ᠃ | ᠬᠤᠷᠠᠯ ᠠᠴᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ | ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠪᠣᠯ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠭᠦᠨ | ᠰᠠᠯᠠᠭ᠎ᠠ ᠮᠥᠴᠢᠷ ᠤᠨ ᠠᠵᠢᠯ ᠢ ᠳᠡᠮᠵᠢᠬᠦ ᠪᠦᠲᠦᠮᠵᠢᠲᠡᠶ ᠠᠷᠭ᠎ᠠ ᠵᠠᠮ ᠪᠣᠯᠬᠤ ᠮᠥᠷᠲᠡᠭᠡᠨ ᠨᠠᠩ ᠴᠤ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠶᠢᠨ ᠪᠣᠲᠠᠲᠠᠢ ᠭᠡᠷᠡᠭᠴᠡᠭᠡ ᠮᠥᠨ ᠭᠡᠵᠤ ᠵᠢᠭᠠᠵᠣ | ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠬᠠᠨᠤᠮᠵᠢ ᠶᠢᠨ | ᠬᠡᠮᠵᠢᠶ᠎ᠡ ᠶᠢ ᠰᠢᠯᠭᠠᠨ ᠲᠣᠭᠲᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠱᠠᠲᠤᠨ ᠤ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠡᠯ᠎ᠡ ᠲᠦᠷᠦᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠶᠢ ᠬᠦᠴᠦᠯᠡᠨ | ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ ᠶᠢ ᠢᠮᠠᠭᠲᠠ ᠬᠥᠭᠵᠢᠯᠲᠡ ᠶᠢᠨ | ᠦᠨᠳᠦᠰᠦᠨ ᠵᠣᠷᠢᠯᠭ᠎ᠠ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠠᠤᠯᠢᠵᠢᠯ ᠤᠨ ᠤᠬᠠᠮᠰᠠᠷ ᠢ | ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤᠮᠳᠠᠬᠢ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠤᠬᠠᠮᠰᠠᠷ ᠢᠶᠠᠨ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠤᠬᠠᠮᠰᠠᠷ ᠪᠠ ᠲᠤᠰᠬᠠᠢ ᠮᠡᠷᠭᠡᠵᠢᠯ ᠤᠨ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ | ᠳᠡᠭᠡᠭᠰᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ ᠬᠡᠵᠠᠢ ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠰ ᠤᠳᠠᠭᠠᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ | ᠲᠣᠭᠲᠠᠭᠠᠬᠤ ᠪᠠᠷ ᠰᠢᠨ᠎ᠡ ᠭᠠᠷᠤᠭ᠎ᠠ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠬᠠᠯᠠᠭᠤᠨ ᠰᠡᠳᠬᠢᠯᠭᠡ ᠪᠠ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ︽ᠲᠠᠪᠤᠨ ᠶᠡᠭᠡ | ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ | ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠡᠢ᠃ | ᠬᠤᠷᠠᠯ ᠤᠨ ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠠᠷᠠᠭᠤᠨ ᠦᠵᠦᠮᠦᠴᠢᠨ ᠬᠤᠰᠢᠭᠤᠨ ᠤ ᠲᠥᠯᠥᠭᠡᠯᠡᠭᠴᠢ | ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠥᠪ ᠪᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠬᠢᠭᠡᠳ ᠦᠢᠯᠡᠳᠦᠯᠭᠡ ᠶᠢᠨ ᠦᠵᠡᠭᠦᠯᠦᠯᠭᠡ ᠶᠢᠨ ᠲᠠᠩᠬᠢᠮ ᠢ ᠲᠣᠭᠤᠷᠢᠨ ᠦᠵᠡᠪᠡ᠃ |