12 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤ ᠠᠷᠠᠳ | ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠠᠬᠢᠭᠤᠯᠬᠤ ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠲᠤᠰᠬᠠᠢ | ᠰᠡᠳᠦᠪᠲᠦ ᠯᠠᠪᠯᠠᠨ ᠠᠰᠠᠭᠤᠬᠤ ᠬᠤᠷᠠᠯ ᠬᠤᠷᠠᠯᠳᠤᠭᠤᠯᠪᠠ ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ | ᠲᠠᠢ ᠫᠢᠩ ᠬᠤᠷᠠᠯ ᠡᠷᠬᠢᠯᠡᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠣᠯᠣᠳ᠂ ᠳᠡᠳ᠋ ᠡᠷᠬᠢᠯᠡᠭᠴᠢ ᠯᠢᠦ ᠴᠢᠩ᠂ ᠡᠷᠳᠡᠨᠢᠰᠦ᠋ᠷᠦᠭ᠂ ᠯᠦ ᠵᠧᠨ ᠰᠢᠨ ᠵᠢᠴᠢ | ᠪᠤᠰᠤᠳ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ | ᡁᠢ ᠴᠢᠶᠠᠩ ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠤ᠂ ᠪᠦᠷᠢᠨ᠂ ᠰᠦᠯᠳᠡ᠂ ᠦ᠋ ᠯᠢ ᠵᠢᠶ᠋ᠧ ᠵᠡᠷᠭᠡ 6 ᠭᠡᠰᠢᠭᠦᠨ ᠲᠠᠬᠢᠨ ᠶᠠᠳᠠᠭᠤᠷᠠᠬᠤ ᠶᠢ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ᠂ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠵᠢᠭᠡᠯᠡᠯᠭᠡ ᠶᠢᠨ ᠵᠣᠭᠤᠰ ᠢ ᠪᠤᠴᠠᠭᠠᠬᠤ ᠳᠤ ᠬᠦᠴᠢᠷᠲᠡᠢ ᠪᠠᠶᠢᠬᠤ ᠶᠢ ᠠᠷᠭᠠᠴᠠᠬᠤ ᠠᠷᠭ᠎ᠠ ᠬᠡᠮᠵᠢᠶ᠎ᠡ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠲᠦᠷᠦᠯ ᠲᠡᠮᠳᠡᠭ ᠢ ᠡᠭᠦᠳᠬᠦ᠂ | ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠵᠢᠴᠢ ᠨᠠᠶᠢᠳᠠᠪᠤᠷᠢᠵᠢᠭᠤᠯᠤᠯᠲᠠ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ ᠯᠠᠪᠯᠠᠨ ᠠᠰᠠᠭᠤᠪᠠ᠃ ᠬᠤᠰᠢᠭᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠵᠤ ᠠᠰᠠᠭᠤᠯᠲᠠ ᠶᠢ ᠬᠠᠷᠢᠭᠤᠯᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠪᠦᠷᠢᠯᠳᠦᠭᠦᠨ ᠰᠠᠯᠠᠭ᠎ᠠ ᠮᠥᠴᠢᠷ ᠤᠳ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ | ᠬᠤᠷᠢᠶᠠᠨ ᠤ ᠠᠵᠢᠯ ᠤᠨ ᠰᠢᠨ᠎ᠡ ᠪᠠᠶᠢᠳᠠᠯ ᠳᠤ ᠢᠳᠡᠪᠬᠢᠲᠡᠢ ᠵᠣᠬᠢᠴᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ | ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠦᠷᠢᠯᠡᠬᠦ ᠶᠢ ᠪᠠᠷᠢᠮᠲᠠᠯᠠᠨ᠂ ᠡᠯ᠎ᠡ ᠵᠦᠢᠯ ᠤᠨ ᠠᠵᠢᠯ | ᠡᠭᠦᠷᠭᠡ ᠪᠠᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠢ ᠪᠥᠬᠦ ᠲᠠᠯ᠎ᠠ ᠪᠠᠷ ᠠᠬᠢᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃ |