ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/27
   12 ᠰᠠᠷ᠎ᠠ ᠶᠢᠨ 25 ᠤ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠪᠥᠬᠦ ᠬᠤᠰᠢᠭᠤᠨ ᠤ ᠬᠤᠶᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᠪᠦᠦ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ ᠪᠣᠯᠣᠨ ᠪᠥᠬᠦ ᠬᠤᠰᠢᠭᠤᠨ ᠤ 23 ᠵᠠᠯᠠᠭᠤ ᠺᠠᠳ᠋ᠷ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃   ᠬᠤᠷᠠᠯ ᠳᠤ᠂ ᠵᠠᠯᠠᠭᠤ ᠺᠠᠳ᠋ᠷᠴᠤᠳ ᠠᠵᠢᠯ ᠤᠨ ᠥᠩᠭᠡᠷᠡᠯᠲᠡ᠂ ᠠᠵᠢᠯ ᠤᠨ ᠪᠠᠶᠢᠷᠢ ᠶᠢᠨ ᠢᠶᠠᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠲᠥᠷᠥᠭᠳᠡᠯ ᠢᠶᠠᠨ ᠶᠠᠷᠢᠨ᠂ ᠰᠠᠨᠠᠭᠤᠯᠭ᠎ᠠ ᠳᠤᠷᠠᠳᠴᠤ᠂ ᠬᠠᠷᠢᠭᠤᠴᠠᠯᠭ᠎ᠠ ᠡᠭᠦᠷᠭᠡᠯᠡᠯ ᠤᠨ ᠲᠤᠬᠠᠢ ᠶᠠᠷᠢᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ  ᠳᠤ ᠠᠷᠭ᠎ᠠ ᠪᠣᠳᠣᠯᠭ᠎ᠠ ᠪᠠᠨ ᠳᠡᠪᠰᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ ᠴᠢᠳᠠᠮᠠᠭᠠᠢ ᠰᠤᠷᠤᠯᠴᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠪᠡᠶ᠎ᠡ ᠪᠠᠨ ᠴᠢᠩᠭ᠎ᠠ ᠱᠠᠭᠠᠷᠳᠠᠬᠤ ᠵᠡᠷᠭᠡ ᠭᠤᠷᠪᠠᠨ ᠲᠠᠯ᠎ᠠ ᠠᠴᠠ ᠵᠠᠯᠠᠭᠤ ᠺᠠᠳ᠋ᠷᠴᠤᠳ ᠲᠤ ᠱᠠᠭᠠᠷᠳᠠᠯᠭ᠎ᠠ ᠳᠤᠷᠠᠳᠴᠠᠢ᠃    ᠪᠦᠦ ᠯᠢᠨ ᠨᠥᠬᠦᠷ ᠵᠠᠯᠠᠭᠤ ᠺᠠᠳ᠋ᠷᠴᠤᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠨ᠂ ᠵᠠᠯᠠᠭᠤ ᠺᠠᠳ᠋ᠷᠴᠤᠳ ᠤᠨ ᠤᠶᠤᠨ ᠰᠠᠨᠠᠭᠠᠨ ᠤ ᠪᠠᠶᠢᠳᠠᠯ ᠢ ᠮᠠᠭᠲᠠᠨ ᠰᠠᠶᠢᠰᠢᠶᠠᠵᠤ᠂ ᠬᠡᠷᠬᠢᠨ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠪᠣᠯᠬᠤ ᠲᠤᠬᠠᠢ ᠲᠦᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠤᠯᠴᠠᠬᠤ ᠪᠠ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠨ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠤᠷᠰᠢᠯᠭ᠎ᠠ ᠬᠤᠷᠠᠮᠳᠤᠭᠤᠯᠤᠨ᠂ ᠠᠵᠢᠯ ᠦᠢᠯᠡᠰ ᠤᠨ ᠰᠠᠭᠤᠷᠢ ᠪᠠᠨ ᠪᠠᠲᠤᠳᠬᠠᠬᠤ ᠬᠡᠷᠡᠭᠲᠡᠢ᠃ ᠬᠤᠶᠠᠷ ᠲᠤ᠂ ᠠᠵᠢᠯ ᠤᠨ ᠪᠠᠶᠢᠷᠢ ᠶᠢᠨ ᠪᠣᠯᠪᠠᠰᠤᠷᠠᠯ ᠢᠶᠠᠨ ᠨᠠᠨᠳᠢᠩᠨᠠᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ ᠳᠠᠪᠲᠠᠨ ᠪᠣᠯᠪᠠᠰᠤᠷᠠᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠬᠦᠮᠦᠵᠢᠭᠦᠯᠵᠦ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠡᠮᠦᠨ᠎ᠡ ᠹᠷᠣᠨᠲ ᠠᠴᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠷᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ᠃ ᠳᠥᠷᠪᠡ ᠳᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ  ᠰᠠᠬᠢᠵᠤ᠂ ᠠᠷᠢᠭᠤᠨ ᠴᠢᠬᠡᠴᠢ ᠪᠣᠯ ᠵᠣᠯ ᠵᠢᠷᠭᠠᠯ᠂ ᠬᠤᠪᠳᠤᠭ ᠰᠢᠨᠤᠬᠠᠢ ᠪᠣᠯ ᠭᠠᠢ ᠵᠣᠪᠠᠯᠠᠩ ᠭᠡᠬᠦ ᠶᠣᠰᠣ ᠤᠴᠢᠷ ᠢ ᠡᠷᠬᠡᠪᠰᠢ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠬᠥᠮᠥᠨ ᠪᠣᠯᠬᠤ᠂ ᠦᠨᠡᠨ ᠦᠭᠡ  ᠬᠡᠯᠡᠵᠦ ᠦᠨᠡᠨᠴᠢ ᠰᠢᠳᠤᠷᠭᠤ ᠪᠠᠷ ᠠᠵᠢᠯᠯᠠᠬᠤ ᠶᠢ ᠠᠮᠢᠳᠤᠷᠠᠯ ᠤᠨ ᠵᠢᠷᠤᠮᠯᠠᠯ ᠢᠶᠠᠨ ᠪᠣᠯᠭᠠᠵᠤ᠂ ᠴᠠᠭ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号