ᠪᠠᠷᠠᠭᠤᠨ ᠦᠵᠦᠮᠦᠴᠢᠨ ᠬᠤᠰᠢᠭᠤ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ | ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠠ ᠬᠠᠭᠤᠳᠠᠰᠣ ᠶᠢ ᠵᠢᠷᠤᠭᠯᠠᠨ᠎ᠠ᠃ | ᠪᠠᠷᠠᠭᠤᠨ ᠦᠵᠦᠮᠦᠴᠢᠨ ᠬᠤᠰᠢᠭᠤ ᠨᠢ ︽ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ | ᠠᠵᠤ ᠦᠢᠯᠡᠰ ᠤᠨ ᠬᠥᠭᠵᠢᠯᠲᠡ ᠶᠢ ᠲᠡᠳᠬᠦᠨ ᠱᠠᠩᠨᠠᠬᠤ ᠠᠷᠭ᠎ᠠ︾ ᠪᠣᠯᠣᠨ ︽ᠵᠤᠭᠠᠴᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ | ᠵᠡᠷᠭᠡ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠵᠡᠮᠵᠢ ᠶᠢᠨ ᠣᠷᠣᠨ ᠤ ᠶᠠᠰᠤ ᠴᠢᠨᠠᠷ ᠢ | ᠲᠡᠬᠡᠭᠰᠢᠯᠠᠬᠦᠯᠵᠦ᠂ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠵᠢᠭᠤᠯᠴᠢᠯᠠᠯ ᠤᠨ ᠵᠠᠰᠠᠮᠠᠯ ᠵᠠᠮ᠂ | ᠵᠣᠴᠢᠳ ᠤᠨ ᠪᠠᠭᠤᠳᠠᠯ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠵᠡᠷᠭᠡ ᠪᠠᠯᠠᠳᠬᠡᠯ ᠲᠦᠭᠦᠬᠡᠷᠣᠮᠵᠢ ᠶᠢ ᠪᠦᠲᠦᠭᠡᠨ | ᠪᠠᠶᠢᠭᠤᠯᠤᠭᠰᠠᠨ ᠤ ᠬᠠᠮᠳᠣ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ | ᠰᠠᠭᠤᠷᠢᠨ ᠭᠠᠵᠠᠷ ᠪᠠ ᠰᠤᠳᠤᠯᠤᠨ ᠰᠤᠷᠤᠯᠴᠠᠵᠤ ᠦᠢᠯᠡᠳᠦᠯᠭᠡᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠣᠶ | ᠪᠣᠯᠭᠠᠵᠤ᠂ ᠣᠨᠴᠠᠯᠢᠭᠲᠤ ᠭᠦᠳᠡᠭᠡ ᠲᠣᠰᠬᠤᠨ ᠪᠠ ᠭᠤᠣᠯᠳᠠᠯᠭ᠎ᠠ ᠲᠠᠢ ᠵᠢᠭᠤᠯᠴᠢᠯᠠᠯ ᠤᠨ ᠴᠡᠭ ᠡᠭᠦᠳᠣᠨ | ᠪᠠᠶᠢᠭᠤᠯᠬᠤ ᠪᠠᠷ ᠡᠯ᠎ᠠ ᠦᠨᠳᠣᠰᠣᠳᠠᠨ ᠤ ᠤᠯᠠᠨ ᠲᠦᠮᠠᠨ ᠤ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠭᠰᠠᠨ ᠤ | ᠬᠠᠮᠲᠤ᠂ ᠭᠤᠣᠯ ᠰᠡᠳᠦᠪᠲᠦ ᠭᠦᠮᠦᠵᠢᠯ᠂ ᠰᠣᠶᠣᠯ ᠤᠨ ᠬᠡᠷᠡᠮ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠲᠡᠭᠡᠭᠰᠢᠯᠠᠬᠦᠯᠦᠨ᠂ ᠲᠤᠮᠳᠠᠳᠣ ᠶᠢᠨ ᠦᠨᠳᠣᠰᠣᠳᠠᠨ ᠤ | ᠬᠠᠮᠳᠣ ᠶᠢᠨ ᠴᠤᠭᠴᠠ ᠶᠢᠨ ᠤᠬᠠᠮᠰᠠᠷ ᠢ ᠤᠯᠠᠮ ᠪᠠᠬᠢᠵᠢᠬᠦᠯᠪᠠ᠃ | ᠪᠠᠷᠠᠭᠤᠨ ᠦᠵᠦᠮᠦᠴᠢᠨ ᠬᠤᠰᠢᠭᠤ ᠨᠢ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠵᠤᠭᠠᠴᠠᠯ ᠤᠨ | ᠱᠤᠭᠤᠮ ᠤᠨ ᠵᠢᠷᠤᠭ ᠲᠥᠯᠥᠪᠯᠡᠭᠡ ᠳᠤ ᠠᠭᠤᠰᠤᠯᠴᠠᠭᠤᠯᠵᠤ᠂ ᠬᠠᠮᠤᠭ ᠤᠨ ᠭᠤᠶᠤ ᠲᠠᠯ᠎ᠠ ᠨᠤᠲᠤᠭ ᠤᠨ ︽99 | ᠨᠣᠮᠧᠷᠲᠤ ᠵᠢᠭᠤᠯᠴᠢᠯᠠᠯ ᠤᠨ ᠱᠤᠭᠤᠮ︾ ᠨᠢ ᠤᠯᠠᠨ ᠦᠵᠡᠮᠵᠢ ᠶᠢᠨ ᠣᠷᠣᠨ ᠪᠠ ᠮᠠᠯᠴᠢᠨ ᠠᠶᠢᠯ ᠵᠢᠭᠤᠯᠴᠢᠯᠠᠯ ᠤᠨ | ᠴᠡᠭ ᠢ ᠬᠤᠯᠪᠣᠵᠤ᠂ ᠲᠠᠯ᠎ᠠ ᠨᠤᠳᠤᠭ ᠤᠨ ᠦᠨᠳᠣᠰᠣᠳᠠᠨ ᠤ ᠤᠨᠴᠠᠯᠢᠭᠳᠣ ᠰᠣᠶᠤᠯ ᠵᠢᠭᠤᠯᠴᠢᠯᠠᠯ ᠤᠨ ᠪᠦᠬᠦᠯᠢ | ᠴᠤᠭᠴᠠ ᠶᠢ ᠪᠦᠷᠢᠯᠳᠣᠬᠦᠯᠬᠦ ᠶᠢᠨ ᠬᠠᠮᠳᠣ᠂ ᠵᠠᠮ ᠳᠠᠭᠠᠤ ᠶᠢᠨ ᠰᠠᠭᠤᠷᠢ ᠲᠥᠬᠦᠭᠡᠷᠦᠮᠵᠢ ᠶᠢ ᠲᠠᠶᠢᠴᠢᠯᠠᠵᠦ᠂ ᠤᠯᠠᠨ | ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠠᠰ ᠤᠨ ᠲᠠᠶᠢᠴᠢᠯᠠᠯᠳᠠ ᠲᠤᠤᠷ᠎ᠠ᠂ | 2024 ᠣᠨ ᠳᠤ᠂ ᠪᠥᠬᠦ ᠬᠤᠰᠢᠭᠤᠨ ᠤ ᠵᠢᠭᠤᠯᠴᠢᠯᠠᠯ ᠤᠨ ᠣᠷᠣᠯᠭ᠎ᠠ 5.33 ᠳ᠋ᠦᠩᠰᠢᠭᠤᠷ ᠲᠥᠭᠦᠷᠢᠭ | ᠨᠡᠮᠡᠭᠳᠡᠵᠦ᠂ ᠵᠠᠮ ᠳᠠᠭᠠᠤ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ᠃ | ᠪᠠᠷᠠᠭᠤᠨ ᠦᠵᠦᠮᠦᠴᠢᠨ ᠬᠤᠰᠢᠭᠤ ᠣᠷᠣᠨ ᠨᠤᠲᠤᠭ ᠤᠨ ᠣᠨᠴᠠᠯᠢᠭ ᠪᠠ ᠦᠨᠳᠦᠰᠦᠲᠡᠨ ᠤ ᠰᠣᠶᠣᠯ ᠲᠠᠢ ᠪᠠᠨ | ᠤᠶᠠᠯᠳᠤᠭᠤᠯᠤᠨ᠂ ᠴᠠᠭᠠᠨ ᠠᠳᠣᠭᠤᠨ ᠤ ᠰᠣᠶᠣᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠪᠠ | ᠪᠡᠶ᠎ᠡ ᠲᠠᠮᠢᠷ ᠤᠨ ᠤᠷᠤᠯᠳᠤᠭᠠᠨ ᠢ ᠡᠷᠭᠢᠯᠡᠵᠦ᠂ ᠪᠡᠶ᠎ᠡ ᠲᠠᠮᠢᠷ ᠵᠢᠭᠤᠯᠴᠢᠯᠠᠯ ᠤᠨ ᠠᠭᠤᠰᠤᠯᠴᠠᠯ ᠤᠨ ᠴᠢᠳᠠᠮᠵᠢ ᠶᠢ | ᠭᠦᠭᠵᠢᠬᠡᠭᠰᠠᠨ ᠤ ᠬᠠᠮᠳᠣ᠂ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠳᠦᠬᠡᠬᠦ᠂ ᠭᠤᠣᠯ ᠰᠡᠳᠦᠪᠲᠦ | ᠦᠳᠡᠰᠢᠯᠡᠭᠡ ᠨᠠᠶᠢᠷᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠠᠵᠢᠯᠯᠠᠭ᠎ᠠ ᠦᠷᠨᠢᠬᠦᠯᠬᠦ | ᠵᠡᠷᠬᠡ ᠪᠠᠷ ᠳᠠᠮᠵᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 121.3 ᠲᠦᠮᠡᠨ | ᠬᠥᠮᠥᠨ ᠤᠳᠠᠭ᠎ᠠ ᠲᠠᠲᠠᠵᠤ᠂ ᠵᠤᠭᠠᠴᠠᠭᠰᠠᠳ ᠤᠨ ᠤᠷᠤᠨ ᠨᠤᠳᠤᠭ ᠤᠨ ᠬᠠᠮᠲᠤ ᠶᠢᠨ ᠲᠠᠨᠢᠯᠲᠠ ᠪᠠ ᠰᠣᠶᠣᠯ ᠤᠨ | ᠬᠠᠮᠲᠤ ᠶᠢᠨ ᠲᠠᠨᠢᠯᠲᠠ ᠶᠢ ᠨᠡᠮᠡᠭᠳᠡᠭᠦᠯᠪᠡ᠃ | ᠪᠠᠷᠠᠭᠤᠨ ᠦᠵᠦᠮᠦᠴᠢᠨ ᠬᠤᠰᠢᠭᠤ ᠵᠤᠭᠠᠴᠠᠯ ᠢᠶᠠᠷ ᠬᠤᠯᠪᠣᠭᠠᠰᠤ ᠪᠣᠯᠭᠠᠵᠤ᠂ ᠦᠨᠳᠦᠰᠦᠲᠡᠨ ᠨᠦᠭᠦᠳ ᠤᠨ | ᠬᠤᠭᠤᠷᠣᠨᠳᠣᠬᠢ ᠰᠣᠯᠢᠯᠴᠠᠭ᠎ᠠ᠂ ᠶᠠᠪᠤᠯᠴᠠᠭ᠎ᠠ ᠪᠣᠯᠣᠨ ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠪᠣᠯᠣᠨ ᠬᠠᠮᠲᠤ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ | ᠨᠠᠮᠠᠷᠢᠯᠠᠵᠦ ᠪᠠᠶᠢᠨ᠎ᠠ᠃ | | | | |