ᠣᠶᠢᠷ᠎ᠠ ᠳᠤ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠠᠯᠳᠤᠭᠤᠯᠤᠭᠰᠠᠨ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠮᠠᠨ ᠤ ᠠᠶᠢᠮᠠᠭ ᠠᠮᠢ ᠠᠬᠤᠢ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ | ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠬᠦ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠮᠠᠨ ᠤ ᠠᠶᠢᠮᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠠᠮᠢ ᠠᠬᠤᠢ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠨᠡᠩ ᠣᠨᠣᠪᠴᠢᠲᠠᠢ᠂ ᠰᠢᠨᠵᠢᠯᠡᠬᠦ ᠤᠬᠠᠭᠠᠨᠴᠢ ᠪᠥᠭᠡᠳ ᠥᠨᠳᠥᠷ | ᠪᠦᠲᠦᠮᠵᠢᠲᠡᠢ ᠪᠣᠯᠭᠠᠪᠠ᠃ 2021 ᠣᠨ ᠳᠤ᠂ ᠣᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠢ | ᠪᠠᠶᠢᠭᠤᠯᠵᠤ᠂ ᠤᠰᠤ᠂ ᠬᠡᠢ᠂ ᠳᠠᠭᠤ᠂ ᠰᠢᠭᠠᠷᠤ ᠶᠢᠨ ᠪᠣᠬᠢᠷᠲᠤᠯ ᠤᠨ ᠡᠬᠢ ᠶᠢᠨ ᠪᠦᠬᠦ ᠶᠠᠪᠤᠴᠠ ᠶᠢᠨ ᠪᠢᠲᠡᠭᠦᠮᠵᠢᠯᠡᠭᠰᠡᠨ | ᠬᠠᠮᠢᠶᠠᠷᠤᠯᠲᠠ ᠪᠣᠯᠣᠨ ᠬᠡᠪ ᠤᠨ ᠪᠤᠰᠤ ᠪᠠᠶᠢᠳᠠᠯ ᠢ ᠳᠠᠭᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠪᠠ︔ | 2022 ᠣᠨ ᠳᠤ᠂ ᠮᠠᠨ ᠤ ᠠᠶᠢᠮᠠᠭ ᠪᠥᠬᠦ ᠣᠷᠣᠨ ᠤ ᠠᠩᠬᠠᠳᠠᠭᠴᠢ ᠠᠮᠢ ᠠᠬᠤᠢ ᠣᠷᠴᠢᠨ ᠲᠣᠭᠤᠷᠢᠨ ᠤ ᠵᠠᠰᠠᠭ | ᠵᠠᠬᠢᠷᠭᠠᠨ ᠤ ᠰᠢᠢᠳᠬᠡᠯ ᠤᠨ ᠰᠢᠰᠲ᠋ᠧᠮ ᠢ ᠪᠡᠶ᠎ᠡ ᠪᠠᠨ ᠳᠠᠭᠠᠭᠠᠨ ᠨᠡᠭᠡᠭᠡᠨ ᠬᠥᠭᠵᠢᠭᠦᠯᠵᠦ᠂ ᠬᠡᠷᠡᠭ ᠰᠢᠢᠳᠪᠦᠷᠢᠯᠡᠬᠦ | ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠪᠡ︔ ᠡᠨᠡ ᠵᠢᠯ ᠤᠨ 7 ᠰᠠᠷ᠎ᠠ ᠳᠤ᠂ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠪᠥᠬᠦ ᠣᠷᠣᠨ ᠤ ᠠᠩᠬᠠᠳᠠᠭᠴᠢ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ | ᠵᠢᠯᠣᠭᠤᠴᠢ ᠦᠭᠡᠢ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ ᠭᠤᠣᠯᠳᠠᠯᠭ᠎ᠠ ᠲᠠᠢ | ᠬᠢᠨᠠᠨ ᠬᠠᠮᠢᠶᠠᠷᠬᠤ ᠭᠠᠵᠠᠷ ᠣᠷᠣᠨ ᠪᠠ ᠭᠤᠣᠯᠳᠠᠯᠭ᠎ᠠ ᠲᠠᠢ ᠣᠷᠣᠨ ᠪᠦᠰᠡ ᠳᠤ 7 × 24 ×ᠴᠠᠭ ᠤᠨ ᠪᠥᠬᠦ ᠣᠷᠣᠨ | ᠪᠦᠰᠡ ᠶᠢᠨ᠂ ᠪᠦᠷᠢᠨ ᠠᠦ᠋ᠲ᠋ᠣᠴᠢᠯᠠᠭᠰᠠᠨ ᠪᠡᠶ᠎ᠡ ᠪᠠᠨ ᠳᠠᠭᠠᠭᠠᠵᠤ ᠴᠠᠭᠳᠠᠨ ᠪᠠᠶᠢᠴᠠᠭᠠᠬᠤ ᠠᠵᠢᠯ ᠢ ᠪᠡᠶᠡᠯᠡᠭᠦᠯᠪᠡ᠃ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠦᠢᠯᠡᠴᠢᠯᠡᠭᠡᠨ ᠤ ᠪᠠᠶᠢᠭᠤᠯᠤᠯᠲᠠ ᠶᠢ | ᠠᠬᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 2022 ᠣᠨ ᠤ 6 | ᠰᠠᠷ᠎ᠠ ᠳᠤ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︽ᠵᠥᠪᠰᠢᠶᠡᠷᠡᠭᠦᠯᠦᠭᠰᠡᠨ ᠦᠭᠡᠢ ᠪᠠᠷ | ᠤᠷᠢᠳ ᠢᠶᠠᠷ ᠪᠠᠶᠢᠭᠤᠯᠤᠭᠰᠠᠨ︾᠂ ︽ᠰᠢᠯᠭᠠᠨ ᠪᠠᠶᠢᠴᠠᠭᠠᠭᠰᠠᠨ ᠦᠭᠡᠢ ᠪᠠᠷ ᠤᠷᠢᠳ ᠢᠶᠠᠷ ᠪᠡᠯᠡ ᠣᠷᠣᠭᠤᠯᠤᠭᠰᠠᠨ︾ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠲᠤ ᠴᠢᠭᠯᠡᠭᠦᠯᠦᠨ | ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠢᠳᠴᠢᠯᠠᠨ | ᠰᠡᠷᠡᠮᠵᠢᠯᠡᠭᠦᠯᠬᠦ ᠠᠵᠢᠯ ᠤᠨ ᠲᠣᠭᠲᠠᠴᠠ︾ ᠶᠢ ᠲᠣᠭᠲᠠᠭᠠᠭᠰᠠᠨ ᠪᠥᠭᠡᠳ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠡᠷᠡᠮᠡᠯᠵᠡᠨ ᠮᠡᠳᠡᠭᠦᠯᠦᠭᠰᠡᠨ ᠡᠯ᠎ᠡ ᠨᠢᠭᠡᠴᠢ ᠳᠤ ᠴᠢᠭᠯᠡᠭᠦᠯᠦᠨ ︽ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠠᠤᠯᠢ ᠶᠣᠰᠣᠭᠠᠷ | ᠨᠠᠶᠢᠳᠠᠪᠤᠷᠢᠵᠢᠭᠤᠯᠬᠤ ᠶᠢ ᠮᠡᠳᠡᠭᠳᠡᠬᠦ ᠪᠢᠴᠢᠭ︾ ᠢ ᠨᠠᠶᠢᠷᠠᠭᠤᠯᠤᠨ ᠵᠣᠬᠢᠶᠠᠪᠠ᠃ ᠲᠣᠰ ᠠᠵᠢᠯ ᠤᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠤ ᠳᠠᠷᠠᠭ᠎ᠠ᠂ 2023 ᠣᠨ ᠳᠤ ︽ᠵᠥᠪᠰᠢᠶᠡᠷᠡᠭᠦᠯᠦᠭᠰᠡᠨ ᠦᠭᠡᠢ ᠪᠠᠷ ᠤᠷᠢᠳ ᠢᠶᠠᠷ ᠪᠠᠶᠢᠭᠤᠯᠤᠭᠰᠠᠨ︾᠂ | ︽ᠰᠢᠯᠭᠠᠨ ᠪᠠᠶᠢᠴᠠᠭᠠᠭᠰᠠᠨ ᠦᠭᠡᠢ ᠪᠠᠷ ᠤᠷᠢᠳ ᠢᠶᠠᠷ ᠪᠡᠯᠡ ᠣᠷᠣᠭᠤᠯᠤᠭᠰᠠᠨ︾ ᠣᠷᠴᠢᠨ ᠲᠣᠭᠤᠷᠢᠨ ᠤ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠬᠡᠷᠡᠭ ᠠᠳᠠᠯᠢ ᠬᠤᠭᠤᠴᠠᠭᠠᠨ ᠤ ᠬᠢ ᠠᠴᠠ 45% ᠪᠠᠷ ᠪᠠᠭᠤᠷᠠᠪᠠ᠃ ᠡᠭᠦᠨ ᠠᠴᠠ ᠭᠠᠳᠠᠨ᠎ᠠ᠂ | ᠮᠠᠨ ᠤ ᠠᠶᠢᠮᠠᠭ ᠰᠢᠨ᠎ᠡ ᠶᠢ ᠡᠭᠦᠳᠦᠨ ᠪᠥᠬᠦ ᠣᠷᠣᠨ ᠤ ᠠᠩᠬᠠᠳᠠᠭᠴᠢ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ ᠬᠢᠨᠠᠨ | ᠡᠵᠡᠮᠳᠡᠬᠦ ᠪᠣᠯᠪᠠᠰᠤᠷᠠᠯ ᠤᠨ ᠲᠥᠪ ᠢ ᠪᠠᠶᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ | ᠬᠢᠨᠠᠨ ᠡᠵᠡᠮᠳᠡᠬᠦ ᠲᠥᠬᠦᠭᠡᠷᠦᠮᠵᠢ ᠶᠢ ︽ᠠᠯᠪᠠᠨ ᠭᠡᠷ︾ ᠲᠤ ᠨᠡᠭᠦᠯᠭᠡᠨ ᠣᠷᠣᠭᠤᠯᠵᠤ᠂ ᠬᠠᠤᠯᠢ ᠬᠡᠷᠡᠭᠵᠢᠭᠦᠯᠬᠦ ᠮᠡᠷᠭᠡᠵᠢᠯ ᠤᠨ | ᠪᠣᠯᠪᠠᠰᠤᠷᠠᠯ ᠤᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ | ᠡᠨᠡ ᠵᠢᠯ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠰᠢᠯᠤᠭᠤᠨ ᠬᠥᠬᠡ ᠬᠤᠰᠢᠭᠤ᠂ ᠳᠣᠯᠣᠨ | ᠨᠤᠤᠷ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠶᠢ ᠰᠢᠶᠠᠨ ᠤ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠮᠵᠢ ᠶᠢᠨ ᠳᠦᠷᠢᠮᠵᠢᠭᠰᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠤᠪᠢ ᠪᠠᠷ | ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠩᠭᠢ ᠳᠤ ᠮᠡᠳᠡᠭᠦᠯᠬᠦ ᠪᠠᠷ ᠪᠠᠶᠢᠨ᠎ᠠ᠃ 2025 ᠣᠨ ᠳᠤ᠂ ᠪᠤᠰᠤᠳ ᠬᠤᠰᠢᠭᠤ | ᠰᠢᠶᠠᠨ ᠳᠤ ︽ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠪᠦᠬᠦᠨ ᠢ | ᠪᠡᠶᠡᠯᠡᠭᠦᠯᠬᠦ ᠪᠠᠷ ᠬᠦᠴᠦᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠪᠦᠬᠦᠨ ᠢ ᠪᠦᠷᠬᠦᠭᠦᠯᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ | |