12 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ | ︽ᠵᠠᠭᠤᠨ ᠵᠢᠯ ᠤᠨ ᠵᠠᠮ ᠢᠶᠠᠨ ᠡᠷᠭᠢᠴᠡᠭᠦᠯᠵᠦ᠂ ᠨᠠᠮ ᠪᠠ ᠤᠯᠤᠰ ᠤᠨ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ | ᠵᠠᠯᠭᠠᠮᠵᠢᠯᠠᠭᠴᠢ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠪᠥᠬᠦ ᠬᠤᠰᠢᠭᠤᠨ ᠤ ᠪᠠᠭᠰᠢ ᠰᠤᠷᠤᠭᠴᠢᠳ ᠤᠨ | ᠲᠥᠯᠥᠭᠡᠯᠡᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠪᠠ ᠃ | | ᠬᠢᠴᠢᠶᠡᠯ ᠳᠤ᠂ ᠪᠦᠦ ᠯᠢᠨ ᠬᠤᠪᠢ ᠬᠥᠮᠥᠨ ᠤ ᠰᠤᠷᠤᠯᠴᠠᠯᠭ᠎ᠠ ᠰᠡᠳᠬᠢᠮᠵᠢ ᠪᠠ ᠠᠵᠢᠯ ᠤᠨ ᠣᠶᠢᠯᠠᠭᠠᠯᠲᠠ ᠲᠠᠢ ᠪᠠᠨ | ᠤᠶᠠᠯᠳᠤᠭᠤᠯᠤᠨ᠂ ᠤᠯᠠᠨ ᠢ ᠳᠠᠭᠠᠭᠤᠯᠤᠨ ᠨᠠᠮ ᠤᠨ ᠲᠡᠦᠬᠡ ᠶᠢ ᠡᠷᠭᠢᠴᠡᠭᠦᠯᠬᠦ ᠶᠢᠨ ᠬᠠᠮᠲᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠲᠠᠢ | ᠤᠶᠠᠯᠳᠤᠭᠤᠯᠤᠨ᠂ ᠡᠷᠬᠡᠪᠰᠢ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠬᠦ᠂ ᠳᠤᠮᠳᠠᠳᠤ ᠤᠯᠤᠰ | ᠢᠶᠠᠨ ᠬᠠᠮᠠᠭᠠᠯᠠᠬᠤ ᠴᠢᠬᠤᠯᠠ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠡᠷᠭᠡ ᠲᠠᠯ᠎ᠠ ᠪᠠᠷ ᠤᠯᠠᠨ ᠲᠠᠢ ᠰᠠᠨᠠᠯ ᠢᠶᠠᠨ | ᠰᠣᠯᠢᠯᠴᠠᠵᠤ᠂ ᠤᠯᠠᠨ ᠢᠶᠠᠷ ᠢᠶᠠᠨ ᠴᠠᠭ ᠢ ᠨᠠᠨᠳᠢᠩᠨᠠᠵᠤ᠂ ᠰᠢᠷᠭᠠᠭᠤ ᠴᠢᠷᠮᠠᠶᠢᠨ᠂ ᠠᠭᠤᠤ ᠶᠡᠭᠡ ᠡᠬᠡ ᠤᠯᠤᠰ ᠤᠨ ᠢᠶᠠᠨ | ᠲᠥᠯᠥᠭᠡ ᠴᠢᠷᠮᠠᠶᠢᠨ ᠲᠡᠮᠡᠴᠡᠬᠦ ᠶᠢ ᠵᠣᠷᠢᠭᠵᠢᠭᠤᠯᠵᠠᠢ᠃ | ᠪᠦᠦ ᠯᠢᠨ ᠴᠢᠬᠤᠯᠠᠴᠢᠯᠠᠭᠰᠠᠨ ᠨᠢ᠂ ᠵᠠᠭᠤᠨ ᠵᠢᠯ ᠤᠨ ᠨᠠᠮ ᠤᠨ ᠲᠡᠦᠬᠡ ᠶᠢ ᠡᠷᠭᠢᠴᠡᠭᠦᠯᠬᠦ ᠳᠤ᠂ ᠵᠠᠯᠠᠭᠤᠴᠤᠳ | ᠪᠠᠭᠠᠴᠤᠳ ᠢᠮᠠᠭᠲᠠ ᠴᠠᠭ ᠦᠶ᠎ᠡ ᠶᠢᠨ ᠭᠤᠣᠯ ᠪᠠᠭᠠᠲᠤᠷ ᠪᠣᠯᠵᠤ᠂ ᠨᠠᠮ ᠤᠨ ᠦᠢᠯᠡᠰ ᠤᠨ ᠲᠤᠯᠭᠠᠭᠤᠷᠢ ᠬᠦᠴᠦᠨ | ᠪᠣᠯᠣᠭᠰᠠᠨ ᠪᠠᠶᠢᠳᠠᠭ᠃ ᠤᠯᠠᠨ ᠢᠶᠠᠷ ᠢᠶᠠᠨ ᠠᠴᠢ ᠬᠠᠷᠢᠭᠤᠯᠠᠬᠤ ᠬᠦᠰᠡᠯ ᠵᠣᠷᠢᠯᠲᠠ ᠲᠠᠢ ᠵᠠᠯᠠᠭᠤ ᠪᠠᠭᠠᠴᠤᠳ ᠪᠣᠯᠬᠤ ᠪᠠᠷ | ᠴᠢᠷᠮᠠᠶᠢᠬᠤ ᠬᠡᠷᠡᠭᠲᠡᠢ᠃ ᠨᠠᠮ ᠢᠶᠠᠨ ᠡᠭᠦᠷᠢᠳᠡ ᠳᠠᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠡᠷᠳᠡᠮ ᠮᠡᠳᠡᠯᠭᠡ | ᠲᠠᠢ ᠵᠠᠯᠠᠭᠤᠴᠤᠳ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ | ᠴᠢᠷᠮᠠᠶᠢᠨ ᠲᠡᠮᠡᠴᠡᠳᠡᠭ ᠵᠠᠯᠠᠭᠤᠴᠤᠳ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠢ᠃ ᠮᠠᠨ ᠤ ᠨᠠᠮ ᠤᠨ ᠵᠠᠭᠤᠨ ᠵᠢᠯ ᠤᠨ | ᠲᠡᠮᠡᠴᠡᠯ ᠤᠨ ᠲᠡᠦᠬᠡ ᠠᠴᠠ ᠬᠤᠪᠢᠰᠬᠠᠯ ᠤᠨ ᠭᠧᠨ ᠢ ᠤᠯᠠᠮᠵᠢᠯᠠᠵᠤ᠂ ᠬᠥᠮᠥᠨ ᠪᠣᠯᠬᠤ ᠶᠢ ᠰᠤᠷᠤᠯᠴᠠᠵᠤ᠂ ᠠᠭᠤᠤ ᠶᠡᠭᠡ | ᠵᠣᠷᠢᠭ ᠰᠠᠨᠠᠭ᠎ᠠ ᠶᠢ ᠰᠤᠷᠤᠯᠴᠠᠵᠤ᠂ ᠡᠭᠦᠳᠦᠨ ᠪᠦᠲᠦᠭᠡᠬᠦ ᠶᠢ ᠰᠤᠷᠤᠯᠴᠠᠵᠤ᠂ ᠰᠠᠶᠢᠨ ᠳᠠᠳᠬᠠᠯ᠂ ᠵᠥᠪ ᠦᠵᠡᠯ ᠰᠠᠨᠠᠭ᠎ᠠ᠂ | ᠪᠣᠯᠪᠠᠰᠤᠨ ᠰᠠᠶᠢᠬᠠᠨ ᠵᠠᠩ ᠰᠤᠷᠲᠠᠯ ᠢ ᠬᠥᠮᠥᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | | ᠪᠦᠦ ᠯᠢᠨ ᠴᠢᠬᠤᠯᠠᠴᠢᠯᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ | ᠦᠨᠳᠦᠰᠦᠲᠡᠨ ᠤ ᠳᠦᠷᠢ ᠲᠥᠷᠬᠦ ᠶᠢᠨ ᠨᠢᠭᠡ ᠪᠣᠯᠣᠨ᠎ᠠ᠂ ᠦᠨᠳᠦᠰᠦᠲᠡᠨ ᠨᠦᠭᠦᠳ ᠤᠨ ᠳᠤᠮᠳᠠᠳᠤ ᠤᠯᠤᠰ ᠭᠡᠬᠦ ᠡᠨᠡᠬᠦ | ᠬᠠᠮᠲᠤ ᠶᠢᠨ ᠭᠡᠷ ᠣᠷᠣᠨ᠂ ᠳᠤᠮᠳᠠᠳᠤ ᠶᠢᠨ ᠦᠨᠳᠦᠰᠦᠲᠡᠨ ᠭᠡᠬᠦ ᠡᠨᠡᠬᠦ ᠬᠠᠮᠲᠤ ᠶᠢᠨ ᠪᠡᠶ᠎ᠡ ᠭᠠᠷᠤᠯ ᠤᠨ ᠲᠤᠬᠠᠢ ᠮᠡᠳᠡᠷᠡᠮᠵᠢ | ᠶᠢ ᠢᠯᠡᠷᠡᠭᠦᠯᠵᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠰᠠᠭᠤᠷᠢ ᠪᠠ | ᠬᠤᠯᠪᠣᠭᠠᠰᠤ ᠪᠣᠯᠣᠨ᠎ᠠ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢ ᠰᠠᠶᠢᠲᠤᠷ ᠰᠤᠷᠤᠯᠴᠠᠨ ᠬᠡᠷᠡᠭᠯᠡᠬᠦ ᠨᠢ ᠦᠨᠳᠦᠰᠦᠲᠡᠨ ᠤ ᠭᠠᠵᠠᠷ ᠣᠷᠣᠨ ᠤ ᠴᠡᠴᠡᠭᠯᠡᠨ | ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠠ ᠦᠢᠯᠡᠳᠦᠯ ᠲᠠᠢ ᠭᠡᠰᠡᠨ ᠢ ᠭᠦᠢᠴᠡᠳ ᠲᠠᠨᠢᠵᠤ᠂ ᠡᠨᠡ ᠬᠦ | ᠤᠯᠤᠰ ᠲᠤ ᠠᠰᠢᠭᠲᠠᠢ ᠠᠷᠠᠳ ᠲᠤ ᠠᠰᠢᠭᠲᠠᠢ ᠰᠠᠶᠢᠨ ᠶᠠᠪᠤᠳᠠᠯ ᠢ ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ | ᠭᠡᠵᠡᠢ᠃ | ᠪᠦᠦ ᠯᠢᠨ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠡᠦᠬᠡ ᠨᠢ ᠤᠯᠤᠰ ᠤᠨ ᠪᠠᠲᠤᠯᠠᠨ ᠬᠠᠮᠠᠭᠠᠯᠠᠯᠲᠠ ᠪᠣᠯ ᠤᠯᠤᠰ ᠤᠨ ᠬᠥᠭᠵᠢᠯ ᠮᠠᠨᠳᠤᠯ ᠲᠠᠢ ᠨᠢᠭᠲᠠ | ᠬᠤᠯᠪᠣᠭ᠎ᠠ ᠲᠠᠢ ᠪᠠᠶᠢᠳᠠᠭ ᠭᠡᠰᠡᠨ ᠢ ᠬᠠᠷᠠᠭᠤᠯᠵᠤ ᠪᠠᠶᠢᠳᠠᠭ᠃ ᠪᠦᠭᠦ ᠬᠤᠰᠢᠭᠤᠨ ᠤ ᠵᠠᠯᠠᠭᠤᠴᠤᠳ ᠪᠠᠭᠠᠴᠤᠳ ᠯᠠᠪᠳᠠᠭᠤᠨ | ᠲᠣᠭᠲᠠᠭᠤᠨ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠡᠯ᠎ᠡ ᠵᠦᠢᠯ ᠤᠨ ᠮᠡᠳᠡᠯᠭᠡ ᠪᠠ ᠤᠷ᠎ᠠ ᠴᠢᠳᠠᠪᠤᠷᠢ ᠶᠢ ᠰᠠᠶᠢᠲᠤᠷ | ᠰᠤᠷᠤᠯᠴᠠᠵᠤ᠂ ᠤᠯᠤᠰ ᠢᠶᠠᠨ ᠬᠠᠶᠢᠷᠠᠯᠠᠵᠤ ᠠᠷᠠᠳ ᠤᠨ ᠲᠥᠯᠥᠭᠡ ᠵᠢᠳᠬᠦᠬᠦ ᠠᠯᠤᠰ ᠬᠡᠲᠤ ᠶᠢᠨ ᠵᠣᠷᠢᠯᠲᠠ ᠶᠢ ᠡᠪᠦᠷᠯᠡᠨ᠂ | ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠬᠡ ᠤᠯᠤᠰ ᠪᠠ ᠠᠷᠠᠳ ᠲᠦᠮᠡᠨ ᠳᠡᠭᠡᠨ ᠬᠡᠷᠡᠭᠴᠡᠭᠡ ᠲᠠᠢ ᠬᠥᠮᠥᠨ | ᠪᠣᠯᠵᠤ᠂ ᠢᠷᠡᠭᠡᠳᠦᠢ ᠳᠤ ᠡᠬᠡ ᠤᠯᠤᠰ ᠢᠶᠠᠨ ᠨᠡᠩ ᠰᠠᠶᠢᠲᠤᠷ ᠬᠠᠮᠠᠭᠠᠯᠠᠵᠤ᠂ ᠡᠬᠡ ᠤᠯᠤᠰ ᠢᠶᠠᠨ ᠬᠥᠭᠵᠢᠭᠦᠯᠵᠦ᠂ ᠡᠬᠡ | ᠤᠯᠤᠰ ᠢᠶᠠᠨ ᠪᠦᠲᠦᠭᠡᠨ ᠪᠠᠶᠢᠭᠤᠯᠬᠤ ᠪᠠᠷ ᠪᠦᠭᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ ᠭᠡᠵᠡᠢ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠲᠠᠶᠢᠯᠪᠤᠷᠢᠯᠠᠵᠤ᠂ | ᠰᠠᠶᠢᠨ ᠵᠠᠮᠴᠢᠯᠠᠭᠴᠢ ᠪᠣᠯᠬᠤ ᠲᠤᠬᠠᠢ ᠪᠦᠦ ᠯᠢᠨ ᠱᠠᠭᠠᠷᠳᠠᠬᠤ ᠳᠠᠭᠠᠨ᠂ ᠪᠥᠬᠦ ᠬᠤᠰᠢᠭᠤᠨ ᠤ ᠪᠠᠭᠰᠢ ᠠᠵᠢᠯᠲᠠᠨ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠦᠵᠡᠯ ᠰᠠᠨᠠᠭ᠎ᠠ | ᠤᠯᠤᠰ ᠲᠥᠷᠥ ᠶᠢᠨ ᠣᠨᠣᠯ ᠤᠨ ᠬᠢᠴᠢᠶᠡᠯ ᠢ ᠢᠲᠡᠭᠡᠯ ᠲᠡᠭᠦᠯᠳᠡᠷ ᠢᠶᠠᠷ ᠰᠠᠶᠢᠲᠤᠷ ᠵᠢᠭᠠᠬᠤ ᠬᠡᠷᠡᠭᠲᠡᠢ᠃ ᠬᠤᠶᠢᠰᠢᠳᠠ ᠶᠢᠨ | ᠠᠵᠢᠯ ᠤᠨ ᠢᠶᠠᠨ ᠳᠤᠮᠳᠠ ᠲᠠᠨᠢᠯᠲᠠ ᠪᠠᠷ ᠥᠨᠳᠥᠷ᠂ ᠤᠯᠤᠰ ᠲᠦᠷᠦ ᠪᠠᠷ ᠴᠢᠩᠭ᠎ᠠ᠂ ᠰᠡᠳᠬᠢᠯᠭᠡ ᠭᠦᠨ᠂ ᠰᠡᠳᠬᠢᠬᠦᠢ | ᠰᠢᠨ᠎ᠡ᠂ ᠬᠠᠷᠠᠭ᠎ᠠ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ | ᠠᠭᠤᠯᠭ᠎ᠠ ᠶᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠵᠤ᠂ ᠮᠠᠨ ᠤ ᠬᠤᠰᠢᠭᠤᠨ ᠤ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠵᠡᠢ᠃ |