ᠥᠪᠥᠷ ᠮᠣᠩᠭᠤᠯ ᠤᠨ ᠪᠦᠦ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠦᠢᠯᠡᠴᠢᠯᠡᠭᠡᠨ ᠤ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ ᠣᠷᠣᠨ ᠨᠤᠲᠤᠭ ᠤᠨ ᠬᠥᠭᠵᠢᠯᠲᠡ ᠲᠠᠢ ᠠᠳᠠᠯᠢ ᠳᠠᠪᠲᠠᠮᠵᠢ ᠲᠠᠢ ᠪᠣᠯᠭᠠᠨ᠎ᠠ
ᠨᠡᠶᠢᠲᠡᠯᠡᠭᠰᠡᠨ ᠴᠠᠭ᠄
2024/12/30
   ᠠᠵᠤ ᠦᠢᠯᠡᠰ ᠤᠨ ᠬᠡᠯᠬᠢᠶ᠎ᠡ ᠨᠢ ᠦᠢᠯᠡᠳᠪᠦᠷᠢᠯᠡᠯ᠂ ᠲᠡᠭᠡᠭᠡᠪᠦᠷᠢ᠂ ᠪᠣᠷᠤᠯᠠᠭᠤᠯᠭ᠎ᠠ ᠶᠢᠨ ᠡᠯ᠎ᠡ ᠵᠠᠩᠭᠢᠯᠠᠭ᠎ᠠ ᠶᠢ ᠬᠤᠯᠪᠣᠵᠤ᠂ ᠨᠢᠭᠡᠨ ᠠᠵᠤ ᠦᠢᠯᠡᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠲᠣᠭᠲᠠᠭᠠᠵᠤ ᠪᠠᠶᠢᠳᠠᠭ᠂ ᠲᠡᠷᠡ ᠪᠣᠯ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢᠨ ᠵᠠᠩᠭᠢᠯᠠᠭ᠎ᠠ ᠶᠢᠨ ᠰᠠᠭᠤᠷᠢ ᠪᠣᠯᠵᠤ ᠪᠠᠶᠢᠳᠠᠭ᠃ ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ  ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢ ᠠᠳᠬᠤᠨ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ  ᠬᠦᠴᠦᠷᠬᠡᠭᠵᠢᠭᠦᠯᠦᠭᠰᠡᠭᠡᠷ ᠢᠷᠡᠵᠡᠢ᠃ ᠬᠥᠭᠵᠢᠯᠲᠡ ᠶᠢᠨ ᠳᠤᠮᠳᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠲᠤᠯᠭᠠᠭᠤᠷᠢ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠣ ᠪᠠᠶᠢᠨ᠎ᠠ᠃    ᠥᠪᠥᠷ ᠮᠣᠩᠭᠤᠯ ᠤᠨ ᠪᠦᠦ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 60 ᠲᠦᠮᠡᠨ ᠲᠣᠨ ᠬᠥᠩᠭᠡᠨᠴᠠᠭᠠᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠤᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠳᠤ ᠬᠦᠷᠬᠦ ᠳᠤ᠂ ᠬᠥᠩᠭᠡᠨᠴᠠᠭᠠᠨ ᠤ ᠬᠠᠶᠢᠯᠤᠰᠢ ᠶᠢᠨ ᠦᠢᠯᠡᠳᠬᠦᠨ ᠢ ᠲᠡᠭᠡᠭᠡᠪᠦᠷᠢᠯᠡᠭᠰᠡᠨ ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠮᠠᠰᠢᠨ ᠨᠤᠭᠤᠳ ᠠᠮᠤᠷ ᠲᠦᠪᠰᠢᠨ ᠤ ᠠᠵᠢᠯᠲᠠᠨ ᠤ ᠵᠢᠯᠣᠭᠤᠳᠤᠯᠭ᠎ᠠ ᠳᠣᠣᠷ᠎ᠠ ᠡᠮᠬᠢ ᠵᠢᠷᠤᠮ ᠲᠠᠢ ᠪᠠᠷ ᠠᠵᠢᠯᠯᠠᠵᠤ ᠪᠠᠶᠢᠪᠠ᠃ ᠣᠶᠢᠯᠠᠭᠠᠭᠰᠠᠨ ᠢᠶᠠᠷ᠂ ᠲᠣᠰ ᠺᠣᠮᠫᠠᠨᠢ ᠣᠳᠣᠬᠠᠨ ᠳᠤ 10 ᠦᠢᠯᠡᠳᠪᠦᠷᠢᠯᠡᠯ ᠤᠨ ᠱᠤᠭᠤᠮ ᠲᠠᠢ ᠪᠠᠶᠢᠵᠤ᠂ ᠪᠦᠬᠦᠯᠢ ᠡᠳᠦᠷ ᠢᠶᠠᠷ ᠦᠢᠯᠡᠳᠪᠦᠷᠢᠯᠡᠵᠦ᠂ ᠡᠲᠡᠭᠡᠷ ᠬᠥᠩᠭᠡᠨᠴᠠᠭᠠᠨ ᠤ ᠬᠠᠶᠢᠯᠤᠰᠢ ᠶᠢᠨ ᠦᠢᠯᠡᠳᠬᠦᠨ ᠢ ᠤᠳᠠᠯ ᠦᠭᠡᠢ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠵᠧᠵᠢᠶᠠᠩ᠂ ᠱᠠᠩᠬᠠᠢ ᠂ ᠵᠢᠶᠠᠩᠰᠤ ᠵᠡᠷᠭᠡ ᠭᠠᠵᠠᠷ ᠲᠤ ᠶᠠᠪᠤᠭᠤᠯᠬᠤ ᠪᠠᠷ  ᠪᠠᠶᠢᠯ᠎ᠠ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ 8.3377 ᠾᠧᠺᠲ᠋ᠠᠷ  ᠪᠣᠯᠣᠨ᠎ᠠ᠂ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠬᠢᠭᠡᠳ ᠬᠡᠪᠴᠢᠶ᠎ᠡ ᠨᠢ᠄ 10 ᠲᠦᠮᠡᠨ ᠲᠣᠨ ᠬᠥᠩᠭᠡᠨᠴᠠᠭᠠᠨ   ᠬᠠᠪᠲᠠᠰᠤᠨ ᠤ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ᠂ 10 ᠲᠦᠮᠡᠨ ᠲᠣᠨ ᠬᠥᠩᠭᠡᠨᠴᠠᠭᠠᠨ ᠤ ᠬᠠᠶᠢᠯᠤᠰᠢ ᠶᠢᠨ ᠲᠡᠪᠬᠡ ᠵᠢᠴᠢ ᠲᠡᠭᠦᠨ ᠯᠦᠭᠡ ᠢᠵᠢ ᠪᠦᠷᠢᠳᠦᠭᠰᠡᠨ ᠨᠡᠶᠢᠲᠡ ᠶᠢᠨ ᠲᠤᠰᠠᠯᠠᠬᠤ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 2.5 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠯ ᠵᠦᠢᠯ ᠢ 2021 ᠣᠨ ᠤ 7 ᠰᠠᠷ᠎ᠠ ᠳᠤ ᠳᠠᠩᠰᠠᠯᠠᠭᠤᠯᠵᠤ᠂ 2022 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠲᠤᠰ ᠵᠢᠯ ᠤᠨ 12 ᠰᠠᠷ᠎ᠠ ᠶᠢᠨ 17  ᠤ ᠡᠳᠦᠷ ᠲᠤᠷᠰᠢᠨ ᠦᠢᠯᠡᠳᠪᠦᠷᠢᠯᠡᠵᠦ᠂ ᠲᠤᠰ ᠵᠢᠯ ᠳᠡᠭᠡᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠨ ᠦᠢᠯᠡᠳᠪᠦᠷᠢᠯᠡᠯ ᠳᠤ ᠣᠷᠣᠭᠤᠯᠬᠤ ᠬᠠᠷᠠᠯᠲᠠ ᠶᠢ  ᠪᠡᠶᠡᠯᠡᠭᠦᠯᠵᠡᠢ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ  ᠡᠬᠢᠯᠡᠭᠰᠡᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ ᠵᠠᠭᠤ ᠰᠢᠬᠠᠮ ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 6000 ᠲᠦᠮᠡ ᠭᠠᠷᠤᠢ ᠲᠥᠭᠦᠷᠢᠭ ᠤᠨ ᠭᠠᠶᠢᠯᠢ ᠲᠤᠰᠢᠶᠠᠵᠤ᠂ 300 ᠰᠢᠬᠠᠮ ᠬᠥᠮᠥᠨ ᠳᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃    ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠪᠠᠷᠠᠭᠤᠨ ᠦᠵᠦᠮᠦᠴᠢᠨ ᠬᠤᠰᠢᠭᠤᠨ ᠤ ︽ᠨᠡᠭᠦᠷᠡᠰᠦ ︱ ᠴᠠᠬᠢᠯᠭᠠᠨ ︱ᠬᠥᠩᠭᠡᠨᠴᠠᠭᠠᠨ ︱ ᠬᠥᠩᠭᠡᠨᠴᠠᠭᠠᠨ ᠤ  ᠨᠠᠷᠢᠯᠢᠭ ᠪᠣᠯᠪᠠᠰᠤᠷᠠᠭᠤᠯᠤᠯᠲᠠ︾ ᠶᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠰᠦᠷᠦᠭᠵᠢᠯ ᠤᠨ ᠡᠬᠢᠯᠡᠯᠲᠡ ᠶᠢ ᠬᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠦᠭᠰᠡᠨ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ ᠠᠷᠠᠳ ᠤᠨ ᠬᠡᠷᠡᠭᠯᠡᠭᠡᠨ ᠤ ᠬᠥᠩᠭᠡᠨᠴᠠᠭᠠᠨ ᠤ ᠬᠠᠶᠢᠯᠤᠰᠢ ᠶᠢᠨ ᠡᠭᠦᠳᠡ ᠴᠣᠩᠬᠤ᠂ ᠬᠥᠩᠭᠡᠨᠴᠠᠭᠠᠨ ᠭᠡᠷ ᠤᠨ ᠬᠡᠷᠡᠭᠰᠡᠯ ᠤᠨ ᠦᠢᠯᠡᠳᠬᠦᠨ᠂ ᠤᠲᠠᠰᠤ ᠳᠡᠭᠡᠰᠦᠨ ᠤ ᠮᠠᠲ᠋ᠧᠷᠢᠶᠠᠯ ᠵᠡᠷᠭᠡ ᠦᠢᠯᠡᠳᠬᠦᠨ ᠤ ᠦᠢᠯᠡᠳᠪᠦᠷᠢᠯᠡᠯ ᠤᠨ ᠱᠤᠭᠤᠮ ᠢ ᠪᠦᠷᠢᠯᠳᠦᠭᠦᠯᠵᠦ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ ᠳᠠᠰᠢ ᠤᠷᠲᠤᠳᠬᠠᠬᠤ ᠪᠠᠷ ᠪᠤᠢ᠃    ᠠᠵᠤ ᠠᠬᠤᠢ ᠶᠢᠨ ᠬᠥᠭᠵᠢᠯᠲᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠣᠰ ᠠᠵᠤ ᠠᠬᠤᠶᠢᠯᠠᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠳᠡᠭᠡᠳᠦ ᠨᠠᠷᠢᠯᠢᠭ ᠬᠥᠩᠭᠡᠨᠴᠠᠭᠠᠨ ᠬᠠᠪᠲᠠᠰᠤᠨ ᠤ ᠲᠥᠷᠥᠯ ᠵᠦᠢᠯ ᠲᠠᠢ ᠨᠢᠭᠲᠠ ᠠᠪᠴᠠᠯᠳᠤᠭᠤᠯᠤᠨ ᠢᠵᠢ ᠪᠦᠷᠢᠳᠦᠭᠦᠯᠵᠦ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠦᠷ᠎ᠡ ᠠᠰᠢᠭ ᠢ ᠱᠠᠲᠤᠴᠢ ᠴᠢᠨᠠᠷᠲᠠᠢ ᠪᠠᠷ ᠪᠡᠶᠡᠯᠡᠭᠦᠯᠵᠦ᠂ GDP ᠶᠢᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠠᠷᠠᠯᠲᠠ ᠶᠢ ᠴᠤ ᠱᠠᠲᠤᠴᠢ ᠴᠢᠨᠠᠷᠲᠠᠢ ᠪᠠᠷ ᠪᠡᠶᠡᠯᠡᠭᠦᠯᠵᠡᠢ᠃ 2024 ᠣᠨ ᠳᠤ᠂ ᠬᠤᠶᠠᠷ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠤᠨ ᠶᠡᠷᠦᠩᠬᠡᠢ ᠬᠡᠮᠵᠢᠶ᠎ᠡ ᠢᠯᠡᠳᠲᠡ ᠳᠡᠭᠡᠭᠰᠢᠯᠡᠵᠦ᠂ 1 ᠰᠠᠷ᠎ᠠ ᠠᠴᠠ 9 ᠰᠠᠷ᠎ᠠ ᠪᠣᠯᠲᠠᠯ᠎ᠠ᠂ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠢ 31.3 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 112.4% ᠨᠡᠮᠡᠭᠳᠡᠵᠦ᠂ ᠬᠥᠩᠭᠡᠨᠴᠠᠭᠠᠨ ᠤ ᠬᠠᠶᠢᠯᠤᠰᠢ ᠶᠢᠨ ᠲᠡᠪᠬᠡ 29.5 ᠲᠦᠮᠡᠨ ᠲᠣᠨ ᠦᠢᠯᠡᠳᠪᠦᠷᠢᠯᠡᠵᠦ ︵ᠵᠢᠱᠢᠯᠲᠡ ᠪᠠᠷ 12 ᠰᠠᠷ᠎ᠠ ᠶᠢᠨ ᠰᠡᠭᠦᠯᠴᠢ ᠪᠣᠯᠲᠠᠯ᠎ᠠ 40 ᠲᠦᠮᠡᠨ ᠲᠣᠨ ᠬᠥᠩᠭᠡᠨᠴᠠᠭᠠᠨ ᠬᠠᠶᠢᠯᠤᠰᠢ ᠶᠢᠨ ᠲᠡᠪᠬᠡ ᠦᠢᠯᠡᠳᠪᠦᠷᠢᠯᠡᠨ᠎ᠡ︶᠂ ᠠᠳᠠᠯᠢ ᠬᠤᠭᠤᠴᠠᠭᠠᠨ ᠤ ᠬᠢ ᠠᠴᠠ 144.1% ᠨᠡᠮᠡᠭᠳᠡᠵᠦ᠂ ᠬᠤᠶᠠᠷ ᠠᠵᠤ ᠠᠬᠤᠶᠢᠯᠠᠯ ᠨᠡᠶᠢᠳᠡ 105.9 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4 ᠲᠠᠬᠢᠨ ᠨᠡᠮᠡᠭᠳᠡᠵᠡᠢ᠃    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ︽ᠲᠡᠷᠢᠭᠦᠨ ᠢᠨᠵᠧᠨᠧᠷᠢᠩ︾ ᠪᠣᠯᠭᠠᠨ ᠠᠳᠬᠤᠵᠤ᠂ ᠶᠡᠭᠡ ᠶᠢ ᠡᠯᠰᠡᠵᠦ ᠬᠦᠴᠦᠷᠬᠡᠭ ᠢ ᠲᠠᠲᠠᠬᠤ᠂ ᠰᠢᠨ᠎ᠡ ᠶᠢ ᠡᠯᠰᠡᠵᠦ ᠰᠢᠯᠢᠳᠡᠭ ᠢ ᠲᠠᠲᠠᠬᠤ ᠶᠢ ᠪᠠᠷᠢᠮᠲᠠᠯᠠᠵᠤ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠪᠠᠷ ᠭᠤᠣᠯᠯᠠᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︽ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠢ ᠲᠡᠳᠬᠦᠨ ᠬᠥᠭᠵᠢᠭᠦᠯᠬᠦ ᠠᠷᠭ᠎ᠠ︾ ︽ᠪᠠᠷᠠᠭᠤᠨ ᠦᠵᠦᠮᠦᠴᠢᠨ ᠬᠤᠰᠢᠭᠤᠨ ᠤ ᠳᠠᠬᠢᠨ ᠠᠰᠢᠭᠯᠠᠬᠤ ᠬᠥᠩᠭᠡᠨᠴᠠᠭᠠᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠵᠡᠷᠭᠡ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠲᠣᠭᠲᠠᠭᠠᠨ ᠨᠠᠶᠢᠳᠠᠪᠤᠷᠢᠵᠢᠭᠤᠯᠵᠤ᠂ ᠠᠵᠢᠯ ᠤᠨ ᠰᠡᠳᠬᠢᠴᠡ ᠪᠠᠨ ᠰᠢᠨ᠎ᠡ ᠪᠠᠷ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠡᠵᠡᠩᠨᠡᠯᠲᠡ ᠶᠢᠨ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ᠂ ᠰᠢᠨ᠎ᠡ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ 2023 ᠣᠨ ᠳᠤ᠂ 23 ᠲᠥᠷᠥᠯ ᠵᠦᠢᠯ ᠢ ᠰᠢᠨ᠎ᠡ ᠪᠠᠷ ᠭᠡᠷ᠎ᠡ ᠲᠣᠭᠲᠠᠵᠤ᠂ 10 ᠲᠥᠷᠥᠯ ᠵᠦᠢᠯ ᠢ ᠨᠠᠶᠢᠳᠠᠪᠤᠷᠢᠵᠢᠭᠤᠯᠤᠨ᠂ 9 ᠲᠥᠷᠥᠯ ᠵᠦᠢᠯ ᠢ ᠠᠵᠢᠯ ᠡᠬᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠨᠢ ᠪᠥᠬᠦ ᠠᠶᠢᠮᠠᠭ ᠲᠤ ᠨᠢᠭᠡᠳᠦᠭᠡᠷ ᠲᠤ ᠣᠷᠣᠪᠠ᠃ ᠲᠣᠰ ᠵᠢᠯ ᠳᠤ᠂ ᠥᠪᠥᠷ ᠮᠣᠩᠭᠤᠯ ᠤᠨ ᠪᠦᠦ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ 3 ᠬᠤᠳᠠᠯᠳᠤᠭᠠᠴᠢᠨ ᠤᠷᠢᠬᠤ ᠠᠵᠤ ᠠᠬᠤᠶᠢᠯᠠᠯ ᠢ 348.21 ᠲᠦᠮᠡᠨ ᠲᠥᠭᠦᠷᠢᠭ ᠢᠶᠠᠷ ᠱᠠᠩᠨᠠᠵᠤ ︽ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠱᠠᠩᠨᠠᠯ ᠤᠨ ᠪᠡᠯᠡ ᠮᠥᠩᠭᠦ  ᠶᠢᠨ ᠠᠮᠠᠯᠠᠯᠲᠠ ᠪᠠᠨ ᠪᠡᠶᠡᠯᠡᠭᠦᠯᠪᠡ᠃    ᠪᠦᠦ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠡᠯᠡᠬᠦ  ᠳᠡᠭᠡᠨ᠄ ︽ᠮᠠᠨ ᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠠᠴᠠ ᠨᠠᠰᠢ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠰᠤ᠂ ᠴᠠᠬᠢᠯᠭᠠᠨ᠂ ᠵᠠᠮ᠂ ᠳᠤᠯᠠᠭᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠠᠴᠠ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠬᠦᠷᠲᠡᠯ᠎ᠡ ᠴᠥᠮ ᠪᠢᠳᠡᠨ ᠳᠤ ᠲᠤᠶᠢᠯ ᠤᠨ ᠶᠡᠭᠡ ᠳᠡᠮᠵᠢᠯᠭᠡ ᠦᠵᠡᠭᠦᠯᠵᠡᠢ᠃ ᠠᠵᠤ ᠠᠬᠤᠶᠢᠯᠠᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠪᠠᠨ ᠵᠤᠷᠪᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠵᠢᠯ ᠳᠤ 20 ᠲᠦᠮᠡᠨ ᠲᠣᠨ ᠬᠥᠩᠭᠡᠨᠴᠠᠭᠠᠨ ᠤ ᠦᠢᠯᠡᠳᠪᠦᠷᠢᠯᠡᠯ ᠤᠨ ᠲᠥᠷᠥᠯ ᠵᠦᠢᠯ ᠳᠤ 1.3 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠬᠠᠩᠭᠠᠵᠣ᠂ ᠮᠠᠨ ᠤ ᠠᠵᠤ ᠠᠬᠤᠶᠢᠯᠠᠯ  ᠨᠢ ᠪᠠᠷᠠᠭᠤᠨ ᠦᠵᠦᠮᠦᠴᠢᠨ ᠬᠤᠰᠢᠭᠤᠨ ᠤ ᠥᠩ ᠰᠢᠮᠡᠯᠢᠭ ᠬᠥᠷᠥᠰᠥᠨ ᠳᠤ ︿ᠦᠰᠦᠨ ᠪᠣᠶᠢᠵᠢᠵᠤ﹀᠂ ᠪᠣᠳᠠᠲᠤ ᠠᠵᠢᠯᠯᠠᠭ᠎ᠠ ᠪᠠᠷ ᠢᠶᠠᠨ ᠡᠨᠡᠬᠦ ᠨᠤᠲᠤᠭ ᠲᠤ ᠠᠴᠢ ᠬᠠᠷᠢᠭᠤᠯᠠᠬᠤ ᠪᠣᠯᠣᠨ᠎ᠠ︾ ᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号