12 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ | 15 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠭᠠᠵᠢᠭᠤ ᠨᠣᠮᠯᠠᠯ ᠢ ᠡᠰᠡᠷᠭᠦᠴᠡᠬᠦ | ᠨᠠᠮ ᠤᠨ ᠳᠣᠲᠣᠭᠠᠳᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠬᠢᠵᠦ᠂ ᠪᠥᠬᠦ | ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠨᠠᠭᠠᠰᠢᠷᠠᠨ ᠰᠡᠷᠡᠮᠵᠢᠯᠡᠬᠦ ᠤᠬᠠᠮᠰᠠᠷ᠂ ᠠᠶᠤᠯ | ᠲᠦᠭᠰᠢᠭᠦᠷᠢ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ | ᠤᠨ ᠲᠠᠨᠢᠯᠲᠠ ᠪᠠ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠭᠠᠵᠢᠭᠤ ᠨᠣᠮᠯᠠᠯ ᠢ ᠡᠰᠡᠷᠭᠦᠴᠡᠬᠦ | ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ | ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ | ᠳᠤ ᠪᠠᠲᠤ ᠰᠠᠭᠤᠷᠢ ᠶᠢ ᠲᠠᠯᠪᠢᠵᠠᠢ᠃ | ᠬᠤᠷᠠᠯ ᠳᠤ᠂ ᠰᠢᠯᠢ ᠶᠢᠨ ᠭᠤᠣᠯ ᠠᠶᠢᠮᠠᠭ ᠤᠨ ᠭᠠᠵᠢᠭᠤ ᠨᠣᠮᠯᠠᠯ ᠢ ᠡᠰᠡᠷᠭᠦᠴᠡᠬᠦ ᠲᠠᠶᠢᠯᠪᠤᠷᠢᠯᠠᠬᠤ | ᠪᠦᠯᠬᠦᠮ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠰᠠᠯᠠᠭᠠᠨ ᠤ ᠰᠠᠷᠠᠨ᠎ᠠ ᠨᠥᠬᠦᠷ ᠠᠴᠠ ︽ᠤᠯᠤᠰ | ᠲᠥᠷᠥ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠵᠢᠭᠤ ᠨᠣᠮᠯᠠᠯ ᠢ ᠰᠡᠷᠭᠡᠶᠢᠯᠡᠬᠦ︾ ᠰᠡᠳᠦᠪ ᠢᠶᠠᠷ ᠭᠠᠵᠢᠭᠤ | ᠨᠣᠮᠯᠠᠯ ᠤᠨ ᠰᠦᠷᠳᠡᠭᠦᠯᠦᠯ ᠤᠨ ᠬᠡᠮ ᠰᠣᠭᠤᠭ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠭᠠᠵᠢᠭᠤ ᠨᠣᠮᠯᠠᠯ ᠤᠨ | ᠮᠥᠨ ᠴᠢᠨᠠᠷ ᠤᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠭᠠᠵᠢᠭᠤ ᠨᠣᠮᠯᠠᠯ ᠤᠨ ᠦᠨᠳᠦᠰᠦ ᠰᠤᠷᠪᠤᠯᠵᠢ ᠶᠢ | ᠬᠠᠶᠢᠨ ᠰᠦᠪᠡᠭᠴᠢᠯᠡᠵᠦ᠂ ᠭᠠᠵᠢᠭᠤ ᠨᠣᠮᠯᠠᠯ ᠢ ᠦᠨᠳᠦᠰᠦᠨ ᠠᠴᠠ ᠨᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ ᠠᠴᠠ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠲᠤ ᠭᠠᠵᠢᠭᠤ ᠨᠣᠮᠯᠠᠯ ᠢ ᠡᠰᠡᠷᠭᠦᠴᠡᠬᠦ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠣᠷᠣᠭᠰᠠᠨ | ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠄ | ᠨᠢᠭᠡ ᠳᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ | ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ | ᠪᠣᠯᠣᠨ ᠡᠭᠦᠷᠭᠡ ᠶᠢ ᠭᠦᠨᠵᠡᠭᠡᠢ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ᠂ ᠠᠶᠤᠯ ᠲᠦᠭᠰᠢᠭᠦᠷᠢ ᠶᠢᠨ | ᠤᠬᠠᠮᠰᠠᠷ ᠢ ᠪᠠᠷᠢᠮᠲᠠᠯᠠᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ | ᠠᠵᠢᠯ ᠤᠨ ᠲᠣᠣᠷ ᠢ ᠴᠢᠨᠠᠭᠰᠢᠳᠠ ᠪᠦᠷᠢᠨᠰᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠴᠢᠳᠠᠪᠤᠷᠢ | ᠪᠣᠯᠣᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠬᠤᠶᠠᠷ ᠲᠤ᠂ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ᠤᠬᠠᠭᠤᠯᠭ᠎ᠠ ᠶᠢ | ᠲᠡᠷᠢᠭᠦᠨ ᠳᠤ ᠲᠠᠯᠪᠢᠬᠤ᠂ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠬᠤ ᠵᠠᠷᠴᠢᠮ ᠢ ᠪᠠᠷᠢᠮᠲᠠᠯᠠᠨ᠂ ᠭᠠᠵᠢᠭᠤ | ᠨᠣᠮᠯᠠᠯ ᠢ ᠡᠰᠡᠷᠭᠦᠴᠡᠬᠦ ᠹᠷᠦᠨᠲ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠰᠡᠳᠬᠢᠬᠦᠢ ᠶᠢ | ᠥᠭᠡᠷᠡᠴᠢᠯᠡᠨ᠂ ᠣᠯᠠᠨ ᠲᠠᠯ᠎ᠠ ᠶᠢᠨ ᠠᠷᠭ᠎ᠠ ᠬᠡᠯᠪᠡᠷᠢ ᠪᠠᠷ ᠭᠠᠵᠢᠭᠤ ᠨᠣᠮᠯᠠᠯ ᠢ ᠡᠰᠡᠷᠭᠦᠴᠡᠭᠰᠡᠨ ᠦᠯᠢᠭᠡᠷ ᠵᠢᠱᠢᠶ᠎ᠡ ᠶᠢ | ᠰᠠᠶᠢᠲᠤᠷ ᠶᠠᠷᠢᠵᠤ᠂ ᠤᠬᠠᠭᠤᠯᠭ᠎ᠠ ᠶᠢᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠪᠠ ᠨᠠᠷᠢᠯᠢᠭ ᠣᠨᠣᠪᠴᠢᠲᠠᠢ | ᠴᠢᠨᠠᠷ ᠢ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠦᠵᠡᠯᠲᠡ ᠶᠢ ᠬᠥᠮᠥᠰ ᠲᠤ ᠭᠦᠨᠵᠡᠭᠡᠢ | ᠣᠶᠢᠯᠠᠭᠠᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠭᠠᠴᠠᠭᠠᠨ ᠤ ︵ᠨᠡᠶᠢᠭᠡᠮ | ᠲᠣᠭᠤᠷᠢᠭ ᠤᠨ︶ ︽ᠡᠭᠦᠷ ᠵᠥᠪᠯᠡᠯ︾ ᠪᠣᠯᠣᠨ ᠬᠤᠲᠠ ᠲᠣᠭᠤᠷᠢᠭ ᠤᠨ ᠠᠵᠢᠯᠲᠠᠨ ᠵᠢᠴᠢ ᠦᠨᠳᠦᠰᠦᠨ ᠱᠠᠲᠤᠨ ᠤ | ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠭᠡᠰᠢᠭᠦᠨ ᠤ ᠭᠤᠣᠯ ᠦᠢᠯᠡᠳᠦᠯ ᠢ ᠭᠦᠢᠴᠡᠳ ᠪᠠᠳᠠᠷᠠᠭᠤᠯᠤᠨ᠂ | ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠬᠠᠮᠤᠷᠬᠤ ᠬᠡᠪᠴᠢᠶ᠎ᠡ ᠶᠢ ᠨᠢ ᠲᠠᠰᠤᠷᠠᠯᠳᠠ ᠦᠭᠡᠢ ᠥᠷᠭᠡᠳᠬᠡᠨ᠂ ᠨᠡᠶᠢᠭᠡᠮᠯᠢᠭ ᠤᠨ | ᠭᠡᠰᠢᠭᠦᠨ ᠢ ᠢᠳᠡᠪᠬᠢᠲᠡᠢ ᠬᠦᠮᠦᠵᠢᠭᠦᠯᠦᠨ᠂ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠨᠡᠶᠢᠭᠡᠮ ᠤᠨ ᠦᠷ᠎ᠡ | ᠪᠦᠲᠦᠮᠵᠢ ᠶᠢ ᠪᠦᠲᠦᠮᠵᠢᠲᠡᠢ ᠨᠡᠮᠡᠭᠳᠡᠭᠦᠯᠬᠦ ᠬᠡᠷᠡᠭᠲᠡᠢ ᠭᠡᠵᠡᠢ᠃ |