ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠯᠤ ᠶᠢᠨ ᠠᠵᠢᠯ ᠡᠭᠦᠷᠬᠡ ᠪᠠᠨ ᠬᠡᠰᠡᠨ ᠵᠢᠳᠬᠦᠯ
ᠨᠡᠶᠢᠲᠡᠯᠡᠭᠰᠡᠨ ᠴᠠᠭ᠄
2024/12/30
   ᠤᠷᠠᠨ ᠰᠠᠶᠢᠬᠠᠨ ᠪᠠᠷᠢᠯᠳᠣᠭᠠᠨ ᠢᠶᠠᠷ ᠢᠶᠠᠨ ᠬᠦᠮᠦᠨ ᠠᠷᠡᠳ ᠲᠠᠭᠠᠨ ᠲᠠᠨᠢᠭᠳᠠᠨ᠂ ᠪᠦᠬᠡ ᠶᠢᠨ ᠰᠠᠶᠢᠬᠠᠨ ᠤᠷ᠎ᠠ ᠮᠠᠷᠬᠡᠵᠢᠯ ᠢᠶᠠᠨ ᠨᠠᠶᠢᠷ ᠨᠠᠭᠠᠳᠣᠮ᠂ ᠤᠷᠤᠯᠳᠣᠭᠠᠨ ᠮᠦᠷᠦᠶᠢᠴᠠᠬᠡᠨ ᠢᠶᠠᠷ ᠠᠮᠢᠯᠠᠭᠤᠯᠤᠨ ᠶᠠᠪᠤᠭᠰᠠᠨ ᠬᠤᠷᠯᠤ ᠪᠤᠯ ᠪᠠᠷᠠᠭᠤᠨ ᠦᠵᠦᠮᠦᠴᠢᠨ ᠬᠤᠰᠢᠭᠤᠨ ᠤ ᠪᠦᠬᠡ ᠶᠢᠨ ᠨᠠᠶᠢᠬᠡᠮᠯᠢᠭ ᠤᠨ ᠨᠠᠷᠢᠨ ᠪᠢᠴᠢᠬᠡᠴᠢ ᠶᠢᠨ ᠲᠠᠷᠤᠭ᠎ᠠ᠂ ᠲᠤᠮᠳᠠᠳᠣ ᠮᠠᠶ᠋ᠢᠭ ᠤᠨ ᠪᠦᠬᠡ ᠶᠢᠨ ᠤᠯᠤᠰ ᠤᠨ ᠠᠪᠤᠷᠭᠤ᠂ ᠮᠦᠨᠴᠦ ᠤᠯᠤᠰ ᠲᠦᠷᠦ ᠶᠢᠨ ᠵᠦᠪᠯᠠᠯᠬᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠪᠤᠯᠤᠨ᠎ᠠ᠃
  ᠰᠣᠶᠤᠯ ᠲᠠᠮᠢᠷ ᠤᠨ ᠬᠠᠷᠢᠶᠠᠨ ᠤ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠪᠤᠯᠤᠭᠰᠠᠨ ᠤ ᠬᠤᠪᠢ ᠳᠤ ᠦᠨᠳᠣᠰᠣᠨ ᠱᠠᠳᠣᠨ ᠳᠤ ᠭᠦᠨᠵᠡᠬᠡᠶᠢᠷᠡᠬᠦ ᠬᠡᠷᠡᠭᠳᠠᠢ᠂ ᠨᠤᠳᠤᠭ ᠤᠷᠤᠨ ᠤ ᠢᠶᠠᠨ ᠰᠣᠶᠤᠯ ᠲᠠᠮᠢᠷ ᠤᠨ ᠦᠢᠯᠠᠰ ᠤᠨ ᠭᠦᠭᠵᠢᠯᠳᠠ ᠢᠷᠡᠬᠡᠳᠣᠢ ᠳᠤ ᠠᠩᠬᠠᠷᠣᠯ ᠲᠠᠯᠪᠢᠬᠤ ᠬᠡᠷᠡᠭᠳᠠᠢ᠂ ᠲᠠᠷᠡᠴᠢᠯᠠᠨ ᠰᠣᠶᠤᠯ ᠲᠠᠮᠢᠷ ᠤᠨ ᠦᠢᠯᠠᠰ ᠤᠨ ᠲᠦᠯᠤᠬᠡᠨ᠎ᠠ ᠦᠪᠡᠷ ᠤᠨ ᠬᠡᠰᠡᠨ ᠬᠦᠴᠦᠨ ᠵᠢᠳᠬᠦᠯ ᠢᠶᠠᠨ ᠡᠷᠭᠦᠭᠦ ᠬᠡᠷᠡᠭᠳᠠᠢ ᠬᠡᠵᠦ ᠬᠤᠷᠯᠤ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ ᠪᠤᠯᠤᠭᠰᠠᠨ ᠴᠠᠭ ᠠᠴᠠ ᠪᠠᠨ ᠠᠮᠢᠨᠴᠢᠯᠠᠨ ᠪᠤᠳᠣᠵᠦ᠂ ᠤᠳᠠᠭ᠎ᠠ ᠪᠦᠷᠢ ᠶᠢᠨ ᠬᠤᠷᠠᠯᠳᠣᠭᠠᠨ ᠠᠴᠠ ᠡᠮᠤᠨ᠎ᠠ ᠦᠨᠳᠣᠰᠣᠨ ᠱᠠᠳᠣᠨ ᠤ ᠰᠣᠶᠤᠯ ᠲᠠᠮᠢᠷ ᠤᠨ ᠠᠵᠢᠯ ᠤᠨ ᠬᠠᠷᠢᠶᠠᠨ ᠳᠤ ᠭᠦᠷᠴᠦ᠂ ᠲᠠᠳᠠᠨᠠᠷ ᠤᠨ ᠢᠶᠠᠨ ᠰᠠᠳᠬᠢᠯ ᠤᠨ ᠲᠠᠭᠤᠨ ᠢ ᠰᠣᠨᠤᠰᠴᠦ᠂ ᠰᠠᠨᠠᠯ  ᠲᠤᠷᠠᠳᠣᠯᠭ᠎ᠠ ᠪᠠᠨ ᠲᠤᠭᠤᠷᠪᠢᠳᠠᠭ ᠪᠠᠶᠢᠨ᠎ᠠ᠃
  ᠮᠣᠩᠭᠤᠯ ᠪᠥᠬᠡ ᠨᠢ ᠤᠯᠠᠮᠵᠢᠯᠠᠯᠲᠤ ᠪᠡᠶ᠎ᠡ ᠲᠠᠮᠢᠷ ᠪᠣᠯᠬᠤ ᠪᠠᠷ ᠪᠠᠷᠠᠬᠤ ᠦᠭᠡᠢ᠂ ᠤᠷᠤᠨ ᠨᠤᠳᠤᠭ ᠤᠨ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ  ᠪᠤᠯᠬᠤ ᠤᠴᠢᠷ ᠠᠴᠠ ᠠᠬᠠᠮᠠᠳ ᠦᠶ᠎ᠡ ᠶᠢᠨ ᠬᠥᠮᠥᠰ ᠤᠨ ᠤᠶᠤᠨ ᠤᠬᠠᠭᠠᠨ ᠪᠠ ᠰᠥᠰᠥ ᠵᠣᠷᠢᠭ ᠢ ᠠᠴᠢᠶᠠᠯᠠᠵᠤ᠂ ᠲᠠᠯ᠎ᠠ ᠨᠤᠲᠤᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠨᠢᠭᠲᠠᠷᠠᠭᠤᠯᠵᠤ᠂ ᠦᠨᠢ ᠤᠳᠠᠭᠠᠨ ᠵᠢᠯ ᠤᠨ ᠲᠤᠷᠰᠢ ᠦᠵᠦᠮᠦᠴᠢᠨ ᠨᠤᠳᠤᠭ ᠲᠤ ᠦᠶ᠎ᠡ ᠤᠯᠠᠷᠢᠨ ᠭᠦᠭᠵᠢᠵᠦ ᠢᠷᠡᠭᠰᠡᠨ ᠶᠤᠮ᠃
   ᠬᠤᠷᠯᠤ ᠡᠶᠢᠨᠬᠦ ᠮᠤᠩᠭᠤᠯ ᠪᠦᠬᠡ ᠶᠢᠨ ᠭᠦᠭᠵᠢᠯ ᠤᠯᠠᠮᠵᠢᠯᠠᠯ ᠳᠤ ᠰᠠᠨᠠᠭᠠᠰᠢᠷᠠᠨ᠂ ᠤᠯᠠᠨ ᠤ ᠪᠠᠨ ᠰᠠᠨᠠᠯ ᠰᠠᠨᠠᠭᠤᠯᠭ᠎ᠠ  ᠶᠢ ᠴᠤᠭᠯᠠᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠬᠡᠰᠢᠬᠦᠨ  ᠪᠤᠯᠤᠭᠰᠠᠨ ᠭᠤᠷᠪᠠᠨ ᠵᠢᠯ ᠤᠨ ᠲᠤᠷᠰᠢ ︽ᠬᠤᠰᠢᠭᠤ ᠬᠤᠶᠠᠳᠣᠭᠠᠷ ᠪᠠᠭ᠎ᠠ ᠰᠣᠷᠭᠠᠭᠤᠯᠢ ᠳᠤ  ᠮᠤᠩᠭᠤᠯ ᠪᠥᠬᠡ ᠶᠢᠨ ᠬᠢᠴᠢᠶᠠᠯᠠᠯᠬᠡ ᠬᠢᠬᠦ ᠲᠤᠬᠠᠢ ᠰᠠᠨᠠᠯ︾ ︽ᠪᠦᠬᠦ ᠬᠤᠰᠢᠭᠤᠨ  ᠤ ᠮᠤᠩᠭᠤᠯ ᠪᠦᠬᠡ ᠶᠢᠨ ᠨᠢᠬᠡᠴᠠ ᠶᠢᠨ ᠤᠷᠤᠯᠳᠣᠭᠠᠨ ᠢ ᠵᠢᠯ ᠪᠤᠯᠭᠠᠨ ᠵᠤᠬᠢᠶᠠᠨ ᠪᠠᠶᠢᠭᠤᠯᠬᠤ ᠲᠤᠬᠠᠢ ᠰᠠᠨᠠᠯ  ︾ ᠵᠢᠴᠢ ︽ᠬᠡᠣᠬᠡᠳ ᠪᠠᠭᠠᠴᠣᠳ ᠲᠤ ᠵᠤᠷᠢᠭᠤᠯᠤᠭᠰᠠᠨ ᠮᠤᠩᠭᠤᠯ ᠪᠦᠬᠡ ᠶᠢᠨ ᠵᠢᠭᠠᠬᠤ ᠮᠠᠲ᠋ᠧᠷᠢᠶᠠᠯ ᠨᠠᠶᠢᠷᠠᠭᠤᠯᠬᠤ ᠲᠤᠬᠠᠢ ᠰᠠᠨᠠᠯ︾ ︽ᠮᠤᠩᠭᠤᠯ ᠪᠦᠬᠡ ᠶᠢᠨ ᠤᠷᠳᠣᠨ ᠢ ᠪᠠᠶᠢᠭᠤᠯᠬᠤ ᠲᠤᠷᠠᠳᠣᠯᠭ᠎ᠠ︾ ᠵᠡᠷᠭᠡ ᠳᠤᠷᠠᠳᠤᠯᠭ᠎ᠠ ᠶᠢ ᠳᠤᠷᠠᠳᠴᠤ᠂  ᠬᠠᠮᠢᠶ᠎ᠠ ᠪᠦᠬᠦᠢ ᠪᠠᠶᠢᠭᠤᠯᠭ᠎ᠠ ᠶᠢᠨ ᠬᠢᠨ ᠤ ᠢᠳᠠᠪᠬᠢᠳᠠᠢ ᠬᠠᠷᠢᠭᠤᠯᠳᠠ ᠶᠢ ᠤᠯᠵᠦ᠂ ᠮᠤᠩᠭᠤᠯ ᠪᠦᠬᠡ ᠶᠢᠨ ᠬᠢᠴᠢᠶᠡᠯᠯᠡᠭᠡ ᠶᠢᠨ ᠠᠵᠢᠯ ᠢ ᠶᠠᠪᠤᠭᠳᠠᠭᠤᠯᠤᠨ᠂ ᠬᠤᠰᠢᠭᠤ ᠲᠤᠮᠳᠠᠳᠣ ᠪᠠᠭ᠎ᠠ ᠰᠤᠷᠭᠠᠭᠤᠯᠢ ᠨᠢ ᠪᠦᠬᠡ ᠶᠢ ᠣᠨᠴᠠᠯᠢᠭᠲᠤ ᠪᠡᠶ᠎ᠡ ᠶᠢᠨ ᠲᠠᠮᠢᠷ ᠤᠨ ᠬᠢᠴᠢᠶᠡᠯ ᠳᠤ ᠣᠷᠣᠭᠤᠯᠵᠤ᠂ ᠲᠤᠰᠬᠠᠢ ᠮᠡᠷᠭᠡᠵᠢᠯ ᠤᠨ ᠪᠠᠭᠰᠢ ᠪᠠᠷ ᠵᠢᠭᠠᠨ  ᠵᠢᠯᠣᠭᠤᠳᠤᠭᠤᠯᠵᠤ᠂ ᠬᠡᠦᠬᠡᠳ ᠤᠳ ᠲᠤ ᠦᠨᠳᠦᠰᠦᠲᠡᠨ ᠤ ᠪᠡᠶ᠎ᠡ ᠲᠠᠮᠢᠷ ᠤᠨ ᠷᠢᠳᠢ ᠰᠢᠳᠢ ᠶᠢ ᠮᠡᠳᠡᠷᠡᠭᠦᠯᠬᠦ ᠲᠣᠬᠢᠶᠠᠯ ᠣᠯᠭᠤᠵᠠᠢ᠃ ᠰᠣᠶᠣᠯ ᠵᠤᠭᠠᠴᠠᠯ ᠤᠨ ᠰᠠᠯᠠᠭ᠎ᠠ ᠮᠥᠴᠢᠷ ᠤᠨ ᠬᠢᠨ ︽ᠮᠣᠩᠭᠤᠯ ᠪᠥᠬᠡ ᠶᠢᠨ ᠨᠢᠬᠡᠴᠠ ᠶᠢᠨ ᠤᠷᠤᠯᠳᠤᠭᠠᠨ ᠥᠷᠨᠢᠭᠦᠯᠬᠦ︾ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠵᠤ᠂ 2023 ᠤᠨ ᠠᠴᠠ ᠡᠬᠢᠯᠠᠨ ᠰᠣᠮᠤ ᠪᠠᠯᠭᠠᠰᠣ ᠪᠠᠷ ᠨᠢᠬᠡᠴᠠᠯᠠᠨ ᠪᠦᠬᠡ ᠶᠢᠨ ᠤᠷᠤᠯᠳᠣᠭᠠᠨ ᠶᠠᠪᠤᠭᠳᠠᠭᠤᠯᠤᠨ᠂ ᠮᠤᠩᠭᠤᠯ ᠪᠦᠬᠡ ᠶᠢᠨ ᠭᠦᠭᠵᠢᠯᠳᠠ ᠠᠬᠢᠯᠳᠠ ᠳᠤ ᠦᠷᠬᠡᠨ ᠤᠷᠤᠨ ᠵᠡᠢ ᠬᠠᠩᠭᠠᠭᠰᠠᠨ ᠪᠠᠶᠢᠨ᠎ᠠ᠃ᠬᠤᠷᠯᠤ ᠲᠤᠰᠬᠠᠢ ᠮᠠᠷᠬᠡᠵᠢᠯ ᠤᠨ ᠬᠢᠷᠢ ᠲᠦᠪᠰᠢᠨ ᠢᠶᠠᠨ ᠲᠠᠰᠣᠷᠠᠯᠳᠠ ᠦᠭᠡᠢ ᠲᠡᠭᠡᠭᠰᠢᠯᠠᠬᠦᠯᠬᠦ ᠶᠢᠨ ᠬᠠᠮᠲᠤ ᠤᠯᠤᠰ ᠲᠦᠷᠦ  ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠰᠣᠶᠤᠯ ᠲᠠᠮᠢᠷ ᠤᠨ  ᠭᠦᠷᠢᠶ᠎ᠠ ᠴᠠᠷ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠠᠷᠢᠨ ᠬᠢᠨᠠᠮᠠᠭᠠᠢ ᠰᠠᠨᠠᠯ ᠳᠤᠷᠠᠳᠤᠯᠭ᠎ᠠ ᠲᠤᠭᠤᠷᠪᠢᠵᠤ᠂ ᠪᠤᠳᠠᠳᠦ ᠪᠠᠶᠢᠳᠠᠯ ᠲᠠᠢ ᠨᠠᠶᠢᠴᠡᠭᠰᠠᠨ ᠤᠯᠠᠨ ᠲᠦᠮᠠᠨ ᠤ ᠰᠠᠨᠠᠯ ᠪᠤᠳᠣᠯ ᠢ ᠲᠤᠰᠬᠠᠭᠰᠠᠨ ᠰᠠᠨᠠᠯ ᠢᠶᠠᠨ ᠲᠡᠪᠰᠢᠬᠦᠯᠵᠦ᠂ ᠤᠷᠤᠨ ᠨᠤᠳᠤᠭ ᠤᠨ ᠰᠣᠶᠤᠯ ᠲᠠᠮᠢᠷ ᠤᠨ ᠦᠢᠯᠠᠰ ᠤᠨ ᠲᠦᠯᠤᠬᠡᠨ᠎ᠠ ᠨᠢᠬᠡᠨ ᠮᠦᠷᠤᠨ ᠤ ᠬᠦᠴᠦᠨ ᠴᠢᠳᠠᠯ ᠢᠶᠠᠨ ᠡᠷᠭᠦᠵᠦ ᠶᠠᠪᠤᠨ᠎ᠠ᠃    ᠠᠮᠵᠢᠯᠳᠠ ᠪᠦᠳᠦᠮᠵᠢ ᠪᠠᠷ ᠢᠶᠠᠨ ᠬᠠᠭᠤᠴᠢᠨ ᠤᠨ ᠢᠶᠠᠨ ᠦᠳᠠᠨ᠂ ᠰᠢᠨ᠎ᠠ ᠬᠠᠷᠠᠯᠳᠠ ᠡᠭᠦᠷᠬᠡ ᠪᠠᠷ ᠢᠶᠠᠨ ᠰᠢᠨ᠎ᠠ ᠤᠨ  ᠢᠶᠠᠨ ᠤᠭᠳᠣᠵᠦ ᠪᠠᠶᠢᠭ᠎ᠠ ᠡᠨᠡᠬᠡᠨ ᠮᠦᠴᠨ ᠳᠤ ᠬᠤᠷᠯᠤ ᠴᠦ ᠰᠢᠨ᠎ᠠ ᠬᠤᠭᠤᠴᠠᠭᠠᠨ ᠤ ᠰᠠᠨᠠᠯ ᠲᠤᠷᠠᠳᠣᠯᠭ᠎ᠠ ᠪᠠᠨ ᠴᠤᠭᠯᠠᠭᠤᠯᠤᠭᠠᠳ ᠶᠠᠭᠠᠷᠠᠤ ᠪᠠᠶᠢᠯ᠎ᠠ᠃ ᠢᠷᠡᠬᠦ ᠵᠢᠯ ᠳᠤ ᠤᠯᠤᠰ ᠲᠦᠷᠦ ᠶᠢᠨ ᠵᠥᠪᠯᠡᠯᠭᠡᠨ ᠤ ᠬᠡᠰᠢᠬᠦᠨ ᠤ ᠡᠭᠦᠷᠬᠡ ᠬᠠᠷᠢᠭᠤᠴᠠᠯᠭ᠎ᠠ ᠪᠠᠨ ᠰᠠᠶᠢᠨ ᠬᠦᠢᠴᠠᠳᠬᠡᠵᠦ᠂ ᠰᠠᠨᠠᠯ ᠲᠤᠷᠠᠳᠣᠯᠭ᠎ᠠ ᠪᠠᠨ ᠬᠦᠢᠴᠠᠳ ᠪᠠᠯᠠᠳᠬᠡᠵᠦ ᠢᠷᠡᠨ᠎ᠠ ᠬᠡᠵᠦ ᠪᠤᠳᠣᠯ  ᠢᠶᠠᠨ ᠢᠯᠠᠳᠬᠡᠵᠦ ᠪᠠᠶᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号