ᠨᠢᠭᠡ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠭᠡᠵᠦ ᠶᠠᠭᠤ ᠪᠣᠢ︖ | ᠴᠠᠭ ᠠᠭᠤᠷ ᠤᠨ ᠵᠢᠭᠠᠯᠲᠠ ᠲᠤᠭ᠎ᠠ ᠶᠢᠨ ᠬᠡᠯᠪᠡᠷᠢ ᠶᠢᠨ ᠳᠠᠭᠠᠳᠬᠠᠯ ᠪᠣᠯ ᠨᠢᠭᠡ ᠵᠦᠢᠯ ᠤᠨ ᠰᠢᠨ᠎ᠡ ᠶᠢ ᠡᠭᠦᠳᠬᠦ | ᠬᠡᠯᠪᠡᠷᠢ ᠶᠢᠨ ᠳᠠᠭᠠᠳᠬᠠᠯ ᠪᠣᠯᠤᠨ᠎ᠠ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠬᠡᠯᠪᠡᠷᠢ ᠶᠢᠨ | ᠳᠠᠭᠠᠳᠬᠠᠯ ᠨᠢ ᠮᠠᠯ ᠤᠨ ᠡᠪᠡᠰᠦ ᠪᠣᠷᠳᠤᠭ᠎ᠠ ᠪᠠᠷ ᠳᠠᠭᠠᠳᠬᠠᠯ ᠤᠨ ᠬᠠᠷᠠᠯᠲᠠ ᠪᠣᠯᠭᠠᠵᠤ᠂ ᠮᠠᠯᠴᠢᠳ ᠲᠤ ᠭᠠᠩ | ᠬᠠᠭᠰᠠᠷᠠᠭᠠᠨ᠂ ᠴᠠᠰᠤᠨ ᠭᠠᠮᠰᠢᠭ ᠠᠴᠠ ᠪᠣᠯᠤᠭᠰᠠᠨ ᠮᠢᠬᠠᠨ ᠤ ᠬᠤᠨᠢ ᠠᠷᠠᠴᠢᠯᠠᠨ ᠲᠡᠵᠢᠭᠡᠬᠦ ᠥᠪᠡᠷ ᠤᠨ | ᠥᠷᠲᠡᠭ ᠤᠨ ᠨᠡᠮᠡᠭᠳᠡᠯ ᠵᠢᠴᠢ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠬᠢᠷᠠᠯ ᠤᠨ ᠳᠠᠭᠠᠳᠬᠠᠯ ᠤᠨ | ᠪᠠᠲᠤᠯᠠᠭ᠎ᠠ ᠪᠠ ᠠᠶᠤᠯ ᠲᠦᠭᠰᠢᠭᠦᠷᠢ ᠶᠢ ᠬᠠᠷᠭᠤᠭᠤᠯᠵᠤ᠂ ᠳᠠᠷᠤᠶ ᠴᠠᠭ ᠠᠭᠤᠷ ᠭᠠᠮᠰᠢᠭ ᠤᠨ ᠪᠠᠷᠢᠮᠵᠢᠶ᠎ᠠ ᠳᠤ | ᠬᠦᠷᠬᠦ ᠪᠦᠷᠢ ᠭᠡᠷ᠎ᠡ ᠳᠠᠬᠢ ᠲᠤᠭ᠎ᠠ ᠬᠡᠮᠵᠢᠶ᠎ᠡ ᠪᠠᠷ ᠨᠢᠭᠡᠳᠦᠯᠲᠡᠶ ᠲᠥᠯᠥᠪᠦᠷᠢ ᠥᠭᠬᠦ ᠶᠢ ᠵᠢᠭᠠᠵᠤ ᠪᠠᠶᠢᠨ᠎ᠠ᠃ | ᠬᠤᠶᠠᠷ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠬᠡᠪᠴᠢᠶ᠎ᠡ | ᠳᠠᠭᠠᠳᠬᠠᠯ ᠳᠤ ᠣᠷᠣᠯᠴᠠᠭᠰᠠᠨ ᠮᠢᠬᠠᠨ ᠤ ᠬᠤᠨᠢ ᠨᠢ ᠳᠠᠭᠠᠳᠬᠠᠯ ᠳᠤ ᠣᠷᠣᠯᠴᠠᠭᠰᠠᠨ ᠮᠠᠯᠵᠢᠬᠤ ᠲᠠᠷᠢᠶᠠᠯᠠᠬᠤ | ᠡᠷᠦᠬᠡ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠲᠡᠵᠢᠭᠡᠨ ᠦᠷᠡᠵᠢᠭᠦᠯᠵᠦ ᠪᠠᠶᠢᠭ᠎ᠠ ᠪᠦᠷᠢᠨ ᠪᠦᠲᠦᠨ ᠬᠢᠵᠢᠭ ᠡᠪᠡᠳᠴᠢᠨ ᠤ ᠸᠠᠺᠼᠢᠨ ᠤ | ᠲᠠᠷᠢᠯᠭ᠎ᠠ ᠶᠢᠨ ᠭᠠᠷ ᠳᠡᠪᠲᠡᠷ ᠲᠠᠢ ᠬᠤᠨᠢ ᠃ ᠳᠠᠭᠠᠳᠬᠠᠯ ᠳᠤ ᠣᠷᠣᠯᠴᠠᠬᠤ ᠬᠡᠮᠵᠢᠶ᠎ᠡ ᠶᠢ ᠬᠢᠨᠠᠨ ᠲᠣᠭᠲᠠᠭᠠᠭᠰᠠᠨ | ᠪᠠᠭᠲᠠᠭᠠᠮᠵᠢ ᠶᠢᠨ ᠬᠡᠮᠵᠢᠶ᠎ᠡ ᠶᠢᠨ ᠳᠣᠲᠣᠷ᠎ᠠ ᠬᠢᠵᠠᠭᠠᠷᠯᠠᠨ᠎ᠠ ᠃ | ᠭᠤᠷᠪᠠ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠳᠠᠭᠠᠳᠬᠠᠯ ᠤᠨ ᠲᠦᠷᠦᠯ ᠵᠦᠢᠯ | ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠤᠨ ᠲᠥᠷᠥᠯ ᠵᠦᠢᠯ ᠨᠢ ᠴᠠᠭ ᠠᠭᠤᠷ | ᠤᠨ ᠵᠢᠭᠠᠯᠲᠠ ᠲᠣᠭᠠᠨ ᠤ ᠳᠠᠭᠠᠳᠬᠠᠯ ᠢᠶᠠᠷ ᠯᠠᠪᠯᠠᠯᠲᠠ ᠪᠣᠯᠭᠠᠵᠤ᠂ ᠭᠤᠤᠯᠳᠠᠭᠤ ᠭᠠᠩ ᠬᠠᠭᠰᠠᠷᠠᠭᠠᠨ᠂ ᠴᠠᠰᠤᠨ | ᠭᠠᠮᠰᠢᠭ ᠠᠴᠠ ᠪᠣᠯᠤᠭᠰᠠᠨ ᠲᠡᠵᠢᠭᠡᠨ ᠦᠷᠡᠵᠢᠭᠦᠯᠬᠦ ᠥᠪᠡᠷ ᠤᠨ ᠦᠷᠲᠡᠭ ᠤᠨ ᠨᠡᠮᠡᠭᠳᠡᠯ ᠤᠨ ᠬᠡᠰᠡᠭ ᠲᠤ | ᠲᠥᠯᠥᠪᠦᠷᠢ ᠥᠭᠭᠦᠨ᠎ᠡ᠃ | ᠳᠦᠷᠪᠡ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠤᠨ ᠬᠠᠷᠢᠭᠤᠴᠠᠯᠭ᠎ᠠ ᠶᠢᠨ | ᠬᠤᠭᠤᠴᠠᠭ᠎ᠠ | ᠴᠠᠰᠤᠨ ᠭᠠᠮᠰᠢᠭ ᠤᠨ ᠳᠠᠭᠠᠳᠬᠠᠯ ᠤᠨ ᠬᠤᠭᠤᠴᠠᠭ᠎ᠠ᠄ ᠴᠠᠰᠤᠨ ᠭᠠᠮᠰᠢᠭ ᠤᠨ ᠳᠠᠭᠠᠳᠬᠠᠯ ᠤᠨ | ᠨᠥᠬᠦᠪᠥᠷᠢ ᠶᠢᠨ ᠬᠤᠭᠤᠴᠠᠭ᠎ᠠ ᠨᠢ 90 ᠡᠳᠦᠷ ᠪᠣᠯᠤᠨ᠎ᠠ᠂ ᠨᠢᠭᠡᠳᠦᠯᠲᠡᠶ ᠡᠬᠢᠯᠡᠬᠦ ᠬᠤᠭᠤᠴᠠᠭ᠎ᠠ ᠨᠢ ᠵᠢᠯ ᠪᠦᠷᠢ ᠶᠢᠨ | 12 ᠰᠠᠷ᠎ᠠ ᠶᠢᠨ 15 ᠤ ᠡᠳᠦᠷ ᠤᠨ ᠴᠠᠭ ᠠᠴᠠ ᠳᠠᠷᠠᠭ᠎ᠠ ᠵᠢᠯ ᠤᠨ 3 ᠰᠠᠷ᠎ᠠ ᠶᠢᠨ 14 ᠤ ᠡᠳᠦᠷ ᠤᠨ 24 ᠴᠠᠭ | ᠬᠦᠷᠲᠡᠯ᠎ᠡ ᠪᠣᠯᠤᠨ᠎ᠠ᠃ | ᠭᠠᠩ ᠭᠠᠮᠰᠢᠭ ᠤᠨ ᠳᠠᠭᠠᠳᠬᠠᠯ ᠤᠨ ᠬᠤᠭᠤᠴᠠᠭ᠎ᠠ᠄ ᠭᠠᠩ ᠬᠠᠭᠰᠠᠷᠠᠭᠠᠨ ᠤ ᠳᠠᠭᠠᠳᠬᠠᠯ ᠤᠨ ᠨᠥᠬᠦᠪᠥᠷᠢ ᠶᠢᠨ | ᠬᠤᠭᠤᠴᠠᠭ᠎ᠠ ᠶᠢ 75 ᠡᠳᠦᠷ ᠢᠶᠠᠷ ᠪᠤᠳᠤᠨ᠎ᠠ᠂ ᠵᠢᠯ ᠪᠦᠷᠢ ᠶᠢᠨ 6 ᠰᠠᠷ᠎ᠠ ᠶᠢᠨ 1 ᠤ ᠡᠳᠦᠷ ᠤᠨ 0 ᠴᠠᠭ ᠠᠴᠠ 8 | ᠰᠠᠷ᠎ᠠ ᠶᠢᠨ 14 ᠤ ᠡᠳᠦᠷ ᠤᠨ 24 ᠴᠠᠭ ᠬᠦᠷᠲᠡᠯ᠎ᠡ ᠨᠢᠭᠡᠳᠦᠯᠲᠡᠶ ᠪᠣᠳᠤᠨ᠎ᠠ᠃ | ᠲᠠᠪᠤ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠣᠭᠠᠨ ᠤ ᠳᠠᠭᠠᠳᠬᠠᠯ ᠤᠨ ᠪᠠᠲᠤᠯᠠᠬᠤ ᠬᠡᠮᠵᠢᠶ᠎ᠡ | ᠪᠠ ᠳᠠᠭᠠᠳᠬᠠᠯ ᠤᠨ ᠵᠠᠷᠤᠳᠠᠯ ᠤᠨ ᠨᠥᠬᠦᠪᠥᠷᠢ | ᠬᠠᠮᠤᠭ ᠥᠨᠳᠥᠷ ᠳᠠᠭᠠᠳᠬᠠᠯ ᠤᠨ ᠨᠣᠷᠮ᠎ᠠ ᠨᠢ 187.5 ᠲᠥᠭᠦᠷᠢᠭ᠂ ᠳᠠᠭᠠᠳᠬᠠᠯ ᠤᠨ ᠨᠣᠷᠮ᠎ᠠ ᠨᠢ 8%᠂ | ᠳᠠᠭᠠᠳᠬᠠᠯ ᠤᠨ ᠵᠠᠷᠤᠳᠠᠯ ᠨᠢ 15 ᠲᠥᠭᠦᠷᠢᠭ ᠃ ᠥᠪᠡᠷᠲᠡᠭᠡᠨ ᠵᠠᠰᠠᠬᠤ ᠣᠷᠣᠨ ︵ᠲᠥᠪ ᠤᠨ ᠨᠥᠬᠦᠪᠥᠷᠢ ᠶᠢ | ᠪᠠᠭᠲᠠᠭᠠᠨ᠎ᠠ︶ ᠤ ᠡᠳ᠋ ᠤᠨ ᠵᠠᠰᠠᠭ 40% ︵ᠲᠣᠯᠣᠭᠠᠶ ᠪᠦᠷᠢ 6 ᠲᠥᠭᠦᠷᠢᠭ︶ ᠶᠢ ᠡᠭᠦᠷᠭᠡᠯᠡᠵᠦ᠂ ᠠᠶᠢᠮᠠᠭ ᠤᠨ | ᠡᠳ᠋ ᠤᠨ ᠵᠠᠰᠠᠭ 20% ︵ᠲᠣᠯᠣᠭᠠᠶ ᠪᠦᠷᠢ 3 ᠲᠥᠭᠦᠷᠢᠭ︶ ᠶᠢ ᠡᠭᠦᠷᠭᠡᠯᠡᠵᠦ᠂ ᠬᠤᠰᠢᠭᠤ ᠰᠢᠶᠠᠨ ᠤ ᠡᠳ᠋ ᠤᠨ | ᠵᠠᠰᠠᠭ 20% ︵ᠲᠣᠯᠣᠭᠠᠶ ᠪᠦᠷᠢ 3 ᠲᠥᠭᠦᠷᠢᠭ︶ ᠶᠢ ᠡᠭᠦᠷᠭᠡᠯᠡᠨ᠎ᠡ᠃ ᠳᠠᠭᠠᠳᠬᠠᠯ ᠳᠤ ᠣᠷᠣᠯᠴᠠᠭᠰᠠᠨ | ᠲᠠᠷᠢᠶᠠᠯᠠᠬᠤ ᠮᠠᠯᠵᠢᠬᠤ ᠡᠷᠦᠬᠡ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ 20% ︵ᠲᠣᠯᠣᠭᠠᠶ ᠪᠦᠷᠢ 3 ᠲᠥᠭᠦᠷᠢᠭ︶ ᠶᠢ ᠡᠭᠦᠷᠭᠡᠯᠡᠨ᠎ᠡ᠃ | ᠵᠢᠷᠭᠤᠭ᠎ᠠ᠂ ᠭᠠᠮᠰᠢᠭ ᠤᠨ ᠪᠠᠶᠢᠳᠡᠯ ᠢ ᠮᠠᠭᠠᠳᠯᠠᠨ ᠲᠣᠭᠲᠠᠭᠠᠬᠤ ᠪᠠ ᠲᠥᠯᠥᠪᠦᠷᠢ | ︵ᠨᠢᠭᠡ︶ ᠭᠠᠮᠰᠢᠭ ᠤᠨ ᠪᠠᠶᠢᠳᠡᠯ ᠤᠨ ᠳᠡᠰ ᠤᠨ ᠪᠠᠷᠢᠮᠵᠢᠶ᠎ᠠ ᠨᠢ ᠪᠦᠬᠦ ᠠᠶᠢᠮᠠᠭ ᠤᠨ ᠣᠶᠢᠷ᠎ᠠ ᠶᠢᠨ ᠠᠷᠪᠠᠨ | ᠵᠢᠯ ᠤᠨ ᠴᠠᠰᠤ ᠵᠤᠳ ᠪᠣᠯᠤᠨ ᠭᠠᠩ ᠭᠠᠮᠰᠢᠭ ᠤᠨ ᠴᠠᠭ ᠠᠭᠤᠷ ᠤᠨ ᠦᠨᠡᠯᠡᠯᠲᠡ ᠶᠢᠨ ᠲᠤᠭ᠎ᠠ ᠪᠠᠷᠢᠮᠲᠠ ᠶᠢ | ᠶᠡᠷᠦᠩᠬᠡᠶᠢᠯᠡᠨ ᠪᠣᠳᠣᠯᠬᠢᠯᠠᠵᠤ ᠲᠣᠭᠲᠠᠭᠠᠨ᠎ᠠ᠃ | ᠭᠠᠩ ᠭᠠᠮᠰᠢᠭ ᠤᠨ ᠲᠤᠭ᠎ᠠ ᠪᠠᠷᠢᠮᠲᠠ ᠶᠢᠨ ᠢᠷᠡᠯᠲᠡ ᠨᠢ᠂ ᠨᠢᠭᠡ᠂ ᠰᠢᠯᠢ ᠶᠢᠨ ᠭᠤᠤᠯ ᠠᠶᠢᠮᠠᠭ ᠤᠨ ᠠᠦ᠋ᠲ᠋ᠣ᠋ | ᠪᠣᠷᠣᠭᠠᠨ ᠤ ᠬᠡᠮᠵᠢᠯᠲᠡ ᠶᠢᠨ ᠥᠷᠲᠡᠭᠡ ᠶᠢᠨ ᠡᠳᠦᠷ ᠳᠠᠷᠠᠭᠠᠯᠠᠨ ᠬᠡᠮᠵᠢᠭᠰᠡᠨ ᠲᠣᠨᠣᠳᠠᠰᠤᠨ ᠤ ᠬᠡᠮᠵᠢᠶ᠎ᠡ ᠃ | ᠬᠤᠶᠠᠷ᠂ ᠠᠦ᠋ᠲ᠋ᠣ᠋ ᠪᠣᠷᠣᠭᠠᠨ ᠤ ᠬᠡᠮᠵᠢᠯᠲᠡ ᠶᠢᠨ ᠥᠷᠲᠡᠭᠡ ᠶᠢᠨ ᠡᠳᠦᠷ ᠳᠠᠷᠠᠭᠠᠯᠠᠨ ᠬᠡᠮᠵᠢᠭᠰᠡᠨ ᠬᠦᠴᠦᠨ ᠲᠠᠢ | ᠬᠦᠴᠦᠨ ᠥᠬᠡᠶ ᠦᠷᠭᠦᠯᠵᠢᠯᠡᠭᠰᠡᠨ ᠲᠣᠨᠣᠳᠠᠰᠤᠨ ᠤ ᠡᠳᠦᠷ ᠤᠨ ᠲᠤᠭ᠎ᠠ ᠬᠡᠮᠵᠢᠶ᠎ᠡ᠃ ᠴᠠᠰᠤ ᠵᠤᠳ ᠤᠨ ᠲᠤᠭ᠎ᠠ | ᠬᠡᠮᠵᠢᠶ᠎ᠡ ᠨᠢ ᠪᠣᠳᠣᠬᠤ ᠳᠤ᠂ ᠴᠠᠰᠤᠨ ᠤ ᠪᠦᠷᠬᠦᠴᠡ ᠶᠢᠨ ᠬᠡᠮᠵᠢᠶ᠎ᠡ ᠶᠢ ᠪᠤᠳᠤᠪᠠᠯ ᠣᠷᠣᠨ ᠵᠠᠶ ᠶᠢᠨ ᠨᠢᠭᠲᠠᠴᠠ ᠨᠢ 1 | ᠮᠢᠩᠭᠠᠨ ᠮᠧᠲᠷ ᠦᠷᠡᠵᠢᠭᠦᠯᠬᠦ 1 ᠮᠢᠩᠭᠠᠨ ᠮᠧᠲᠷ ᠤᠨ ᠴᠠᠭ ᠠᠭᠤᠷ ᠤᠨ ᠳᠠᠭᠠᠭᠤᠯᠢ ᠣᠳᠣᠨ ᠤ ᠰᠡᠷᠡᠯ ᠤᠨ ᠲᠤᠭ᠎ᠠ | ᠪᠠᠷᠢᠮᠲᠠ ᠪᠠᠶᠢᠵᠤ᠂ ᠴᠠᠰᠤ ᠬᠤᠴᠢᠭᠰᠠᠨ ᠭᠠᠵᠠᠷ ᠤᠨ ᠭᠠᠳᠠᠷᠭᠤ ᠶᠢ ᠪᠤᠳᠤᠨ᠎ᠠ᠃ ᠴᠠᠰᠤᠨ ᠤ ᠭᠦᠨ ᠢ ᠪᠣᠳᠣᠬᠤ ᠳᠤ | ᠣᠷᠣᠨ ᠵᠠᠶ ᠶᠢᠨ ᠨᠢᠭᠲᠠᠴᠠ ᠨᠢ 1 ᠮᠢᠩᠭᠠᠨ ᠮᠧᠲᠷ ᠦᠷᠡᠵᠢᠭᠦᠯᠬᠦ 1 ᠮᠢᠩᠭᠠᠨ ᠮᠧᠲᠷ ᠤᠨ ᠰᠢᠯᠢ ᠶᠢᠨ ᠭᠤᠤᠯ | ᠠᠶᠢᠮᠠᠭ ᠤᠨ ᠴᠠᠰᠤᠨ ᠤ ᠭᠦᠨ ᠤ ᠲᠤᠭ᠎ᠠ ᠪᠠᠷᠢᠮᠲᠠ ᠶᠢ ᠠᠰᠢᠭᠯᠠᠨ ᠭᠠᠵᠠᠷ ᠣᠷᠣᠨ ᠤ ᠳᠤᠮᠳᠠᠴᠠ ᠴᠠᠰᠤᠨ ᠤ ᠭᠦᠨ ᠢ | ᠪᠤᠳᠤᠨ᠎ᠠ᠃ | ᠴᠠᠰᠤᠨ ᠭᠠᠮᠰᠢᠭ ᠢ ᠦᠨᠳᠦᠰᠦᠯᠡᠨ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠵᠠᠷᠴᠢᠮ : ᠴᠠᠰᠤᠨ ᠭᠠᠮᠰᠢᠭ ᠤᠨ | ᠴᠠᠭ ᠠᠭᠤᠷ ᠤᠨ ᠭᠦᠢᠴᠡᠳᠬᠡᠬᠦ ᠲᠤᠭ᠎ᠠ ᠶᠢ ᠤᠷᠢᠳᠠᠪᠠᠷ ᠶᠠᠪᠤᠭᠤᠯᠬᠤ᠂ ᠭᠠᠵᠠᠷ ᠳᠡᠭᠡᠷᠡᠬᠢ ᠣᠷᠣᠨ ᠪᠠᠶᠢᠷᠢ ᠶᠢ | ᠲᠣᠭᠲᠠᠭᠠᠨ ᠠᠵᠢᠭᠯᠠᠬᠤ᠂ ᠲᠣᠭᠤᠷᠢᠨ ᠪᠠᠶᠢᠴᠠᠭᠠᠯᠲᠠ ᠬᠢᠬᠦ ᠪᠠ ᠠᠯᠤᠰ ᠰᠡᠷᠡᠯ ᠤᠨ ᠪᠠᠶᠢᠴᠠᠭᠠᠨ ᠬᠡᠮᠵᠢᠯᠲᠡ ᠶᠢ | ᠤᠶᠠᠯᠳᠤᠭᠤᠯᠵᠤ᠂ ᠪᠡᠯᠴᠢᠭᠡᠷ ᠤᠨ ᠴᠠᠰᠤ ᠬᠤᠷᠠᠭᠰᠠᠨ ᠪᠠᠶᠢᠳᠡᠯ ᠢ ᠦᠨᠡᠯᠡᠨ ᠵᠢᠱᠢᠬᠦ ᠪᠠᠷ ᠪᠠᠷᠢᠮᠵᠢᠶ᠎ᠠ ᠪᠣᠯᠭᠠᠬᠤ | ᠵᠠᠷᠴᠢᠮ᠃ ᠴᠢᠬᠤᠯᠠ ᠲᠠᠢ ᠦᠶ᠎ᠡ ᠳᠤ ᠭᠤᠷᠪᠠᠳᠠᠬᠢ ᠡᠲᠡᠭᠡᠳ ᠲᠤ ᠨᠠᠶᠢᠳᠠᠵᠤ ᠲᠤᠬᠠᠶ ᠶᠢᠨ ᠭᠠᠵᠠᠷ ᠲᠤᠨᠢ ᠬᠡᠮᠵᠢᠯᠲᠡ | ᠬᠢᠬᠦ ᠪᠠ ᠪᠠᠶᠢᠴᠠᠭᠠᠨ ᠰᠢᠯᠭᠠᠵᠤ ᠪᠣᠯᠤᠨ᠎ᠠ᠃ | ᠭᠠᠩ ᠭᠠᠮᠰᠢᠭ ᠢ ᠦᠨᠡᠯᠡᠨ ᠵᠢᠱᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠵᠠᠷᠴᠢᠮ᠄ ᠭᠠᠩ | ᠬᠠᠭᠰᠠᠷᠠᠭᠠᠨ ᠤ ᠴᠠᠭ ᠠᠭᠤᠷ ᠤᠨ ᠭᠦᠢᠴᠡᠳᠬᠡᠬᠦ ᠲᠤᠭ᠎ᠠ ᠶᠢ ᠤᠷᠢᠳᠠᠪᠠᠷ ᠬᠡᠷᠡᠭᠵᠢᠭᠦᠯᠬᠦ᠂ ᠭᠠᠵᠠᠷ ᠳᠡᠭᠡᠷᠡᠬᠢ ᠣᠷᠣᠨ | ᠪᠠᠶᠢᠷᠢ ᠶᠢ ᠲᠣᠭᠲᠠᠭᠠᠵᠤ ᠠᠵᠢᠭᠯᠠᠨ ᠬᠡᠮᠵᠢᠬᠦ᠂ ᠰᠢᠯᠵᠢᠮᠡᠯ ᠪᠠᠶᠢᠴᠠᠭᠠᠯᠲᠠ ᠬᠢᠬᠦ ᠪᠠ ᠠᠯᠤᠰ ᠰᠡᠷᠡᠯ ᠤᠨ ᠪᠠᠶᠢᠴᠠᠭᠠᠨ | ᠬᠡᠮᠵᠢᠯᠲᠡ ᠪᠠᠷ ᠬᠠᠪᠰᠤᠷᠤᠮᠵᠢ ᠪᠣᠯᠭᠠᠵᠤ᠂ ᠬᠥᠷᠥᠰᠥ ᠰᠢᠷᠣᠶ ᠶᠢᠨ ᠬᠠᠷᠢᠴᠠᠩᠭᠤᠶ ᠴᠢᠭᠢᠭ ᠤᠨ ᠬᠡᠮᠵᠢᠶ᠎ᠡ ᠪᠠ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠤᠷᠭᠤᠴᠠ ᠶᠢᠨ ᠪᠠᠶᠢᠳᠡᠯ ᠢ ᠵᠠᠳᠠᠯᠤᠨ ᠶᠡᠷᠦᠩᠬᠡᠶᠢᠯᠡᠨ ᠦᠨᠡᠯᠡᠨ | ᠵᠢᠱᠢᠬᠦ ᠶᠢ ᠬᠠᠮᠲᠤ ᠳᠤᠨᠢ ᠬᠠᠷᠠᠭᠠᠯᠵᠠᠬᠤ ᠵᠠᠷᠴᠢᠮ᠃ | ︵ᠬᠤᠶᠠᠷ︶ ᠳᠠᠭᠠᠭᠠᠴᠢᠯᠠᠯᠲᠠ ᠶᠢᠨ ᠠᠵᠤ ᠠᠬᠤᠶᠢᠯᠠᠯ ᠨᠢ ᠲᠥᠯᠥᠪᠦᠷᠢ ᠶᠢ ᠰᠢᠢᠳᠪᠦᠷᠢᠯᠡᠬᠦ ᠠᠵᠢᠯ ᠢ | ᠵᠢᠷᠤᠮᠵᠢᠭᠤᠯᠬᠤ ᠬᠡᠷᠡᠭᠲᠡᠶ᠃ | ᠳᠠᠭᠠᠳᠬᠠᠯ ᠤᠨ ᠬᠤᠭᠤᠴᠠᠭᠠᠨ ᠳᠤ ᠳᠤᠤᠷᠠᠬᠢ ᠬᠡᠮᠵᠢᠶ᠎ᠡ ᠲᠠᠢ ᠭᠠᠮᠰᠢᠭ ᠲᠣᠬᠢᠶᠠᠯᠳᠤᠪᠠᠯ᠂ ᠳᠠᠭᠠᠳᠬᠠᠯ ᠳᠤ | ᠤᠷᠤᠭᠰᠠᠨ ᠮᠢᠬᠠᠨ ᠤ ᠬᠤᠨᠢ ᠨᠢᠭᠡᠪᠦᠷᠢ ᠶᠢᠨ ᠭᠠᠮᠰᠢᠭ ᠤᠨ ᠬᠤᠭᠤᠴᠠᠭᠠᠨ ᠳᠤ ᠲᠡᠵᠢᠭᠡᠨ ᠠᠷᠠᠴᠢᠯᠠᠬᠤ ᠥᠪᠡᠷ ᠤᠨ | ᠥᠷᠲᠡᠭ ᠤᠨ ᠴᠠᠰᠤᠨ ᠭᠠᠮᠰᠢᠭ ᠤᠨ ᠲᠥᠯᠥᠪᠦᠷᠢ1.5 ᠲᠥᠭᠦᠷᠢᠭ᠂ ᠭᠠᠩ ᠤᠨ ᠭᠠᠮᠰᠢᠭ ᠤᠨ ᠲᠥᠯᠥᠪᠦᠷᠢ 1 | ᠲᠥᠭᠦᠷᠢᠭ ᠃ ᠡᠭᠦᠨ ᠳᠤ : ᠬᠦᠨᠳᠦ ᠨᠣᠴᠢᠲᠠᠶ ᠭᠠᠩ ᠬᠠᠭᠰᠠᠷᠠᠭᠠᠨ ᠪᠠ ᠬᠦᠨᠳᠦ ᠨᠣᠴᠢᠲᠠᠶ ᠴᠠᠰᠤᠨ ᠭᠠᠮᠰᠢᠭ ᠤᠨ | ᠲᠥᠯᠥᠪᠦᠷᠢ ᠥᠭᠬᠦ ᠪᠠᠲᠤᠯᠠᠭᠠᠲᠤ ᠲᠣᠭᠠᠨ ᠤ 50%᠂ ᠣᠨᠴᠠ ᠶᠡᠭᠡ ᠭᠠᠩ ᠬᠠᠭᠰᠠᠷᠠᠭᠠᠨ ᠪᠠ ᠣᠨᠴᠠ ᠶᠡᠭᠡ | ᠴᠠᠰᠤᠨ ᠭᠠᠮᠰᠢᠭ ᠤᠨ ᠲᠥᠯᠥᠪᠦᠷᠢ ᠥᠭᠬᠦ ᠪᠠᠲᠤᠯᠠᠭᠠᠲᠤ ᠲᠣᠭᠠᠨ ᠤ 100% ᠃ ᠴᠠᠰᠤᠨ ᠭᠠᠮᠰᠢᠭ ᠪᠠ ᠭᠠᠩ | ᠬᠠᠭᠰᠠᠷᠠᠭᠠᠨ ᠤ ᠲᠥᠯᠥᠪᠦᠷᠢ ᠥᠭᠬᠦ ᠵᠣᠭᠤᠰ ᠤᠨ ᠲᠤᠭ᠎ᠠ ᠨᠢ ᠬᠠᠮᠤᠭ ᠠᠷᠪᠢᠨ ᠳᠠᠭᠠᠨ 187.5 ᠲᠥᠭᠦᠷᠢᠭ | ᠪᠣᠯᠤᠨ᠎ᠠ᠃ | 1 ᠴᠠᠰᠤᠨ ᠭᠠᠮᠰᠢᠭ | ᠬᠦᠨᠳᠦ ᠭᠠᠮᠰᠢᠭ ᠤᠨ ᠲᠥᠯᠥᠪᠦᠷᠢ ᠥᠭᠬᠦ ᠵᠣᠭᠤᠰ ᠤᠨ ᠲᠤᠭ᠎ᠠ = ᠮᠠᠭᠠᠳᠯᠠᠨ ᠲᠣᠭᠲᠠᠭᠠᠭᠰᠠᠨ ᠡᠳᠦᠷ ᠤᠨ | ᠲᠤᠭ᠎ᠠ ×1.5 ᠲᠥᠭᠦᠷᠢᠭ×50%᠃ | ᠣᠨᠴᠠ ᠶᠡᠭᠡ ᠭᠠᠮᠰᠢᠭ ᠤᠨ ᠲᠥᠯᠥᠪᠦᠷᠢ ᠥᠭᠬᠦ ᠵᠣᠭᠤᠰ ᠤᠨ ᠲᠤᠭ᠎ᠠ = ᠮᠠᠭᠠᠳᠯᠠᠨ ᠲᠣᠭᠲᠠᠭᠠᠭᠰᠠᠨ ᠡᠳᠦᠷ ᠤᠨ | ᠲᠤᠭ᠎ᠠ×1.5 ᠲᠥᠭᠦᠷᠢᠭ×100% | 2 ᠭᠠᠩ ᠭᠠᠮᠰᠢᠭ | ᠬᠦᠨᠳᠦ ᠨᠣᠴᠢᠲᠠᠶ ᠭᠠᠩ ᠬᠠᠭᠰᠠᠷᠠᠭᠠᠨ ᠤ ᠲᠥᠯᠥᠪᠦᠷᠢ ᠥᠭᠬᠦ ᠵᠣᠭᠤᠰ ᠤᠨ ᠲᠤᠭ᠎ᠠ = ᠮᠠᠭᠠᠳᠯᠠᠨ | ᠲᠣᠭᠲᠠᠭᠠᠭᠰᠠᠨ ᠡᠳᠦᠷ ᠤᠨ ᠲᠤᠭ᠎ᠠ × 1 ᠲᠥᠭᠦᠷᠢᠭ × 50 % ᠃ | ᠣᠨᠴᠠ ᠶᠡᠭᠡ ᠭᠠᠩ ᠬᠠᠭᠰᠠᠷᠠᠭᠠᠨ ᠤ ᠲᠥᠯᠥᠪᠦᠷᠢ ᠶᠢᠨ ᠵᠣᠭᠤᠰ ᠤᠨ ᠲᠤᠭ᠎ᠠ = ᠮᠠᠭᠠᠳᠯᠠᠨ ᠲᠣᠭᠲᠠᠭᠠᠭᠰᠠᠨ | ᠡᠳᠦᠷ ᠤᠨ ᠲᠤᠭ᠎ᠠ × 1 ᠲᠥᠭᠦᠷᠢᠭ × 100 %᠃ |