ᠪᠠᠷᠠᠭᠤᠨ ᠦᠵᠦᠮᠦᠴᠢᠨ ᠬᠤᠰᠢᠭᠤᠨ ᠤ ︽ᠮᠦᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ︾ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠪᠡᠯᠡᠳᠭᠡᠯ ᠠᠵᠢᠯ ᠰᠢᠪᠳᠤᠷᠭᠠᠨ ᠳᠤ ᠤᠷᠤᠯ᠎ᠠ
ᠨᠡᠶᠢᠲᠡᠯᠡᠭᠰᠡᠨ ᠴᠠᠭ᠄
2024/12/30
   ᠤᠯᠠᠨ ᠤ ᠠᠩᠬᠠᠷᠤᠯ ᠢ ᠲᠠᠲᠠᠭᠰᠠᠨ ︽ᠮᠦᠩᠭᠦᠨ ᠡᠪᠦᠯ ᠤᠨ ᠦᠵᠦᠮᠦᠴᠢᠨ ᠳᠤ ᠪᠤᠯᠵᠤᠶ᠎ᠠ︾ ᠪᠠᠷᠠᠭᠤᠨ ᠦᠵᠦᠮᠦᠴᠢᠨ ᠬᠤᠰᠢᠭᠤᠨ ᠤ ᠡᠪᠦᠯ ᠤᠨ ᠤᠯᠠᠷᠢᠯ ᠤᠨ ᠰᠣᠶᠣᠯ ᠵᠤᠭᠠᠴᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ  ᠶᠢᠨ ᠶᠣᠰᠣᠯᠠᠯ 12 ᠰᠠᠷ᠎ᠠ ᠶᠢᠨ 30 ᠤ ᠡᠳᠦᠷ ᠦᠵᠦᠮᠦᠴᠢᠨ ᠴᠠᠰᠤ ᠭᠤᠯᠭᠤᠯᠲᠠ ᠶᠢᠨ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠬᠤ ᠪᠣᠯᠣᠨ᠎ᠠ᠃
   ᠰᠤᠷᠪᠤᠯᠵᠢᠯᠠᠭᠴᠢ ᠦᠵᠦᠮᠦᠴᠢᠨ ᠴᠠᠰᠤ ᠭᠤᠯᠭᠤᠯᠲᠠ ᠶᠢᠨ ᠲᠠᠯᠠᠪᠠᠶ ᠳᠤ ᠬᠦᠷᠬᠦ ᠳᠤ᠂ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠨᠢᠭᠡᠨᠲᠡ ᠰᠢᠪᠳᠤᠷᠭᠠᠨ ᠳᠤ ᠤᠷᠤᠭᠰᠠᠨ ᠪᠠᠶᠢᠯ᠎ᠠ᠃ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ᠂ ᠮᠣᠩᠭᠤᠯ ᠲᠡᠪᠡᠯ ᠲᠡᠷᠯᠢᠭ ᠢᠶᠠᠷ ᠭᠤᠶᠤᠯᠠᠭᠰᠠᠨ ᠦᠵᠡᠰᠬᠦᠯᠡᠩᠲᠦ ᠥᠬᠢᠳ ᠪᠠᠶᠠᠷ ᠪᠠᠶᠠᠰᠬᠤᠯᠠᠩᠲᠤ ᠤᠷᠠᠨ ᠪᠥᠵᠢᠭ ᠢᠶᠠᠷ ᠬᠥᠰᠢᠭᠡ ᠪᠠᠨ ᠰᠡᠬᠦᠵᠦ᠂ ᠴᠠᠭᠠᠨ ᠠᠳᠤᠭᠤᠨ ᠤ ᠵᠢᠭᠰᠠᠭᠠᠯ᠂ ᠲᠡᠮᠡᠭᠡᠨ ᠵᠢᠭᠰᠠᠭᠠᠯ ᠵᠡᠷᠭᠡ ᠲᠠᠯ᠎ᠠ ᠨᠤᠲᠤᠭ ᠤᠨ ᠤᠨᠴᠠᠯᠢᠭᠲᠤ ᠰᠣᠶᠣᠯ ᠢᠷᠭᠡᠨᠰᠢᠯ ᠢ ᠳᠡᠯᠭᠡᠨ ᠦᠵᠡᠭᠦᠯᠵᠦ  ᠂ ᠵᠤᠭᠠᠴᠠᠭᠰᠠᠳ ᠲᠤ ᠬᠠᠷᠠᠭᠤᠯᠬᠤ ᠪᠤᠯᠤᠨ᠎ᠠ᠃
   ᠴᠠᠰᠤ ᠭᠤᠯᠭᠤᠯᠲᠠ ᠶᠢᠨ ᠲᠠᠯᠠᠪᠠᠶ ᠨᠢ ᠡᠯ᠎ᠡ ᠲᠦᠷᠦᠯ ᠤᠨ ᠭᠡᠷᠡᠭᠯᠡᠭᠡᠨ ᠤ ᠪᠠᠭᠠᠵᠢ ᠲᠥᠬᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ ᠵᠠᠰᠠᠵᠤ ᠰᠢᠨᠡᠳᠭᠡᠨ᠂ ᠵᠤᠭᠠᠴᠠᠭᠰᠠᠳ ᠤᠨ ᠴᠠᠰᠤ ᠭᠤᠯᠭᠤᠯᠲᠠ ᠶᠢᠨ ᠠᠮᠤᠷ ᠲᠦᠪᠰᠢᠨ ᠢ ᠪᠠᠳᠤᠯᠠᠨ᠂ ᠣᠨᠴᠠᠭᠠᠶᠢᠯᠠᠨ ᠭᠤᠤᠯ ᠰᠡᠳᠦᠪᠲᠦ ᠴᠠᠰᠤᠨ ᠱᠤᠭᠤᠮᠠᠯ ᠤᠳ ᠢ ᠤᠷᠠᠯᠠᠨ ᠰᠡᠶᠢᠯᠵᠦ᠂ ᠴᠠᠰᠤᠲᠤ ᠴᠠᠭᠠᠨ ᠶᠢᠷᠲᠢᠨᠴᠦ ᠳᠤ ᠰᠤᠯᠤᠩᠭᠠᠨ ᠦᠩᠭᠡ ᠨᠡᠮᠡᠷᠢᠯᠡᠵᠦ᠂ ᠬᠦᠮᠦᠰ ᠤᠨ ᠲᠤᠷ᠎ᠠ ᠰᠤᠨᠢᠷᠬᠠᠯ ᠢ ᠲᠠᠳᠠᠨ ᠵᠢᠷᠤᠭ ᠰᠡᠭᠦᠳᠡᠷ ᠠᠪᠬᠠᠭᠤᠯᠬᠤ ᠳᠤ ᠭᠤᠶᠢᠲᠠ ᠰᠠᠶᠢᠬᠠᠨ ᠤᠷᠴᠢᠨ ᠨᠦᠬᠦᠴᠡᠯ ᠢ ᠪᠦᠷᠢᠳᠦᠬᠦᠯᠦᠨ ᠦᠭᠭᠦᠭᠰᠡᠨ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠪᠠᠷᠠᠭᠤᠨ ᠦᠵᠦᠮᠦᠴᠢᠨ ᠬᠤᠰᠢᠭᠤ ᠢᠵᠢ ᠪᠦᠷᠢᠳᠦᠭᠰᠡᠨ ᠦᠢᠯᠡᠴᠢᠯᠡᠭᠡᠨ ᠤ ᠲᠠᠯ᠎ᠠ ᠪᠠᠷ ᠢᠳᠡᠭᠡᠨ ᠤᠮᠳᠠᠭᠠᠨ ᠤ ᠲᠣᠭᠤᠷᠢᠭ ᠲᠤ ᠰᠢᠷᠠᠮᠠᠯ ᠪᠦᠬᠦᠯᠢ ᠰᠢᠬᠦᠰᠦ᠂ ᠬᠠᠯᠠᠭᠤᠨ ᠲᠤᠭᠤᠭ᠎ᠠ ᠵᠡᠷᠭᠡ ᠥᠪᠡᠷᠮᠢᠴᠡ ᠣᠨᠴᠠᠯᠢᠭ ᠲᠠᠢ ᠢᠳᠡᠭᠡᠨ ᠢ ᠠᠮᠳᠠᠯᠠᠭᠤᠯᠤᠨ᠂ ᠬᠠᠯᠠᠭᠤᠨ ᠲᠤᠯᠠᠭᠠᠨ ᠣᠷᠣᠨ ᠰᠠᠭᠤᠴᠠ ᠶᠢ ᠰᠠᠶᠢᠲᠤᠷ ᠲᠣᠬᠢᠷᠠᠭᠤᠯᠵᠤ ᠂ ᠵᠤᠭᠠᠴᠠᠭᠰᠠᠳ ᠲᠤ ᠮᠦᠩᠭᠦᠨ ᠡᠪᠦᠯ ᠤᠨ ᠦᠵᠦᠮᠦᠴᠢᠨ ᠨᠤᠳᠤᠭ ᠤᠨ ᠬᠦᠮᠦᠨ ᠠᠷᠠᠳ ᠤᠨ ᠬᠠᠯᠠᠭᠤᠨ ᠲᠤᠳᠤᠨᠤ ᠵᠤᠴᠢᠨᠰᠠᠭ ᠵᠠᠩ ᠠᠷᠠᠨᠰᠢᠨ ᠢ  ᠬᠦᠢᠴᠡᠳ ᠬᠠᠷᠠᠭᠤᠯᠬᠤ ᠪᠤᠯᠤᠨ᠎ᠠ᠃
   12 ᠰᠠᠷ᠎ᠠ  ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠨᠢ ᠲᠦᠷᠪᠡᠨ ᠵᠦᠭ ᠨᠠᠢᠮᠠᠨ ᠵᠤᠪᠬᠢᠰ  ᠤᠨ ᠠᠬᠠᠨ ᠲᠡᠭᠦᠦᠰ᠂ ᠬᠡᠶᠢᠴᠢᠨ ᠵᠤᠴᠢᠨ ᠲᠠᠢ ᠬᠠᠮᠳᠤᠪᠡᠷ ᠮᠦᠩᠭᠦᠨ ᠡᠪᠦᠯ ᠤᠨ ᠦᠵᠦᠮᠦᠴᠢᠨ ᠤ ᠲᠠᠯ᠎ᠠ ᠨᠤᠳᠤᠭ  ᠤᠨ ᠷᠢᠳᠢ ᠰᠢᠳᠢ ᠶᠢ ᠬᠠᠶᠢᠨ ᠰᠦᠪᠡᠭᠴᠢᠯᠡᠵᠦ᠂ ᠬᠠᠮᠲᠤ ᠪᠠᠷ ᠡᠨᠡᠬᠦ ᠡᠯᠪᠡᠭ ᠪᠠᠶᠠᠯᠢᠭ ᠠᠭᠤᠯᠭ᠎ᠠ ᠲᠠᠢ ᠦᠪᠡᠳᠡᠭᠰᠢ ᠴᠤᠭᠯᠠᠭᠠᠨ ᠳᠤ ᠰᠣᠶᠣᠯ ᠵᠢᠭᠤᠯᠴᠢᠯᠠᠯ ᠤᠨ ᠰᠢᠨ᠎ᠡ ᠬᠠᠭᠤᠳᠠᠰᠤ ᠶᠢ  ᠪᠢᠴᠢᠭᠯᠡᠬᠦ ᠪᠤᠯᠤᠨ᠎ᠠ᠃
   ᠪᠠᠷᠠᠭᠤᠨ ᠦᠵᠦᠮᠦᠴᠢᠨ ᠬᠤᠰᠢᠭᠤᠨ ᠤ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ   ᠥᠯᠵᠡᠶᠢᠬᠤᠲᠤᠭ᠄ ︽ᠪᠠᠷᠠᠭᠤᠨ ᠦᠵᠦᠮᠦᠴᠢᠨ ᠬᠤᠰᠢᠭᠤᠨ ᠤ ︿ᠮᠦᠩᠭᠦᠨ ᠡᠪᠦᠯ ᠤᠨ ᠦᠵᠦᠮᠦᠴᠢᠨ   ᠳᠤ ᠪᠤᠯᠵᠤᠶ᠎ᠠ﹀ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠪᠡᠯᠡᠳᠭᠡᠯ ᠠᠵᠢᠯ ᠰᠢᠪᠳᠤᠷᠭᠠᠨ ᠳᠤ ᠤᠷᠤᠭᠰᠠᠨ ᠪᠠᠶᠢᠨ᠎ᠠ᠃  ᠪᠢᠲᠠ ᠪᠦᠬᠦ ᠬᠦᠴᠦᠨ  ᠢᠶᠠᠷ ᠢᠶᠠᠨ ᠪᠡᠯᠡᠳᠬᠡᠯ ᠠᠵᠢᠯ ᠢ ᠰᠠᠶᠢᠲᠤᠷ ᠬᠢᠵᠦ᠂ ᠵᠤᠭᠠᠴᠠᠭᠰᠠᠳ ᠲᠤ ᠰᠢᠯᠢᠳᠡᠭ ᠰᠠᠶᠢᠨ ᠦᠢᠯᠡᠴᠢᠯᠡᠭᠡ ᠬᠠᠩᠭᠠᠨ᠂ ᠡᠬᠢᠯᠡᠯᠲᠡ ᠶᠢᠨ ᠶᠤᠰᠤᠯᠠᠯ ᠤᠨ ᠡᠯ᠎ᠡ ᠲᠦᠷᠦᠯ ᠤᠨ ᠠᠵᠢᠯ ᠢᠯᠭᠤᠮ ᠤᠷᠤᠭᠰᠢᠲᠠᠢ ᠶᠠᠪᠤᠭᠳᠠᠬᠤ ᠳᠤ ᠢᠳᠡᠭᠡᠯ ᠲᠡᠬᠦᠯᠲᠡᠷ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号