ᠨᠢᠭᠡ᠂ ᠲᠤᠰᠢᠶᠠᠬᠤ ᠮᠠᠲ᠋ᠧᠷᠢᠶᠠᠯ᠄ | 1᠂ ︽ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾︔ | 2᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔ | 3᠂ ᠬᠦᠴᠦᠨ ᠪᠦᠬᠦᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ | ᠬᠦᠷᠦᠭᠡᠳ ᠦᠨᠡᠮᠯᠡᠯ ᠰᠣᠯᠢᠬᠤ ᠳᠤ ᠬᠠᠷᠢᠶᠠᠯᠠᠭᠳᠠᠪᠠᠯ᠂ ︽ᠮᠠᠰᠢᠨᠲᠤ ᠲᠡᠷᠭᠡᠨ ᠤ ᠵᠢᠯᠣᠭᠤᠴᠢ ᠶᠢᠨ ᠪᠡᠶ᠎ᠡ ᠮᠠᠬᠠᠪᠤᠳ ᠤᠨ | ᠨᠥᠬᠦᠴᠡᠯ ᠤᠨ ᠭᠡᠷᠡᠴᠢ︾ ᠲᠤᠰᠢᠶᠠᠬᠤ ᠬᠡᠷᠡᠭᠲᠡᠢ︔ | 4᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷᠲᠦ ᠨᠢᠭᠡ ᠢᠮᠠᠬᠤ ᠪᠤᠳᠤᠭᠲᠤ ᠭᠡᠷᠡᠯ | ᠵᠢᠷᠤᠭ 4 ᠬᠠᠭᠤᠳᠠᠰᠤ | ᠬᠤᠶᠠᠷ᠂ ᠣᠨᠴᠠᠭᠠᠢ ᠰᠠᠨᠠᠭᠤᠯᠤᠮᠵᠢ | 1᠂ ᠬᠤᠶᠠᠷ ᠪᠤᠶᠤ ᠬᠤᠶᠠᠷ ᠠᠴᠠ ᠳᠡᠭᠡᠭᠰᠢ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠵᠡᠷᠭᠡ ᠳᠤᠨᠢ | ᠭᠦᠢᠴᠡᠳᠬᠡᠬᠦ ᠪᠠᠷ ᠭᠤᠶᠤᠴᠢᠯᠠᠭᠰᠠᠨ ᠳᠤ ᠪᠣᠯ ᠨᠡᠶᠢᠯᠡᠭᠦᠯᠦᠨ ᠭᠦᠢᠴᠡᠳᠬᠡᠵᠦ ᠪᠣᠯᠣᠨ᠎ᠠ︔ | 2᠂ ᠬᠤᠭᠤᠴᠠᠭ᠎ᠠ ᠳᠦᠭᠦᠷᠦᠭᠰᠡᠨ ᠤ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠥᠭᠰᠡᠨ ᠤ ᠦᠨᠡᠮᠯᠡᠯ | ᠰᠣᠯᠢᠬᠤ᠂ ᠵᠢᠯᠤᠭᠤᠳᠬᠤ ᠮᠠᠰᠢᠨ ᠤ ᠬᠡᠯᠪᠡᠷᠢ ᠪᠠᠨ ᠰᠠᠶᠢᠨ ᠳᠤᠷ᠎ᠠ ᠠᠴᠠ ᠪᠠᠨ ᠳᠣᠷᠣᠭᠰᠢᠯᠠᠭᠤᠯᠤᠭᠰᠠᠨ ᠤ ᠦᠨᠡᠮᠯᠡᠯ | ᠰᠣᠯᠢᠬᠤ᠂ ᠵᠢᠯᠣᠭᠤᠴᠢ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠦᠨᠡᠮᠯᠡᠯ ᠰᠣᠯᠢᠬᠤ ᠶᠠᠪᠤᠳᠠᠯ ᠢ | ᠭᠦᠢᠴᠡᠳᠬᠡᠬᠦ ᠦᠶ᠎ᠡ ᠳᠤ ᠤᠤᠯ ᠤᠨ ᠵᠢᠯᠣᠭᠤᠴᠢ ᠶᠢᠨ ᠦᠨᠡᠮᠯᠡᠯ ᠢ ᠨᠢ ᠪᠤᠴᠠᠭᠠᠵᠤ ᠠᠪᠤᠨ᠎ᠠ᠃ | ᠭᠤᠷᠪᠠ᠂ ᠬᠡᠷᠡᠭ ᠡᠷᠬᠢᠯᠡᠬᠦ ᠴᠤᠪᠤᠷᠠᠯ᠄ ᠭᠠᠷᠳᠠᠮ ᠢᠶᠠᠨ ᠪᠦᠷᠢᠳᠦᠭᠦᠯᠦᠭᠡᠳ ᠯᠠᠪᠯᠠᠯᠭ᠎ᠠ ᠶᠢᠨ ᠲᠠᠪᠴᠠᠩ ᠳᠤ ᠬᠦᠷᠴᠦ | ᠳ᠋ᠤᠭᠠᠷ ᠠᠪᠤᠨ᠎ᠠ᠃ ᠬᠦᠯᠢᠶᠡᠬᠦ ᠭᠠᠵᠠᠷ ᠲᠤ ᠲᠤᠬᠠᠶᠢᠯᠠᠭᠰᠠᠨ ᠠᠵᠢᠯ ᠭᠦᠢᠴᠡᠳᠬᠡᠬᠦ ᠳ᠋ᠤᠭᠠᠷ ᠳᠠᠭᠤᠳᠠᠬᠤ ᠶᠢ ᠬᠦᠯᠢᠶᠡᠨ᠎ᠡ᠃ | |