ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠣᠷᠣᠨ | ᠰᠠᠭᠤᠴᠠ ᠶᠢᠨ ᠵᠢᠵᠢᠭ ᠲᠣᠭᠤᠷᠢᠭ᠂ ᠢᠯᠠᠩᠭᠤᠶ᠎ᠠ ᠬᠠᠭᠤᠴᠢᠨ ᠣᠷᠣᠨ ᠰᠠᠭᠤᠴᠠ ᠶᠢᠨ ᠵᠢᠵᠢᠭ ᠲᠣᠭᠤᠷᠢᠭ ᠪᠠ ᠲᠠᠩ | ᠭᠠᠭᠴᠠ ᠠᠰᠠᠷ ᠤᠨ ᠪᠦᠬᠦᠯᠢ ᠴᠣᠭᠴᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ | ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠤ ᠣᠷᠣᠨ | ᠰᠠᠭᠤᠴᠠ ᠶᠢᠨ ᠵᠢᠵᠢᠭ ᠲᠣᠭᠤᠷᠢᠭ ︵ᠵᠢᠵᠢᠭ ᠲᠣᠭᠤᠷᠢᠭ ᠤᠨ ᠬᠡᠪᠴᠢᠶ᠎ᠡ ᠶᠢ ᠪᠦᠷᠢᠯᠳᠦᠭᠦᠯᠦᠭᠰᠡᠨ ᠦᠭᠡᠢ ᠲᠠᠩ | ᠭᠠᠭᠴᠠ ᠠᠰᠠᠷ ᠪᠠ ᠬᠤᠳᠠᠯᠳᠤᠭᠠᠨ ᠤ ᠣᠷᠣᠨ ᠰᠠᠭᠤᠴᠠ ᠶᠢᠨ ᠬᠤᠯᠢᠮᠠᠭ ᠠᠰᠠᠷ ᠪᠠᠭᠲᠠᠨ᠎ᠠ︶ ᠲᠤ ᠪᠣᠳᠠᠲᠠᠢ ᠠᠳᠠᠯ | ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ 2 ᠵᠢᠯ ᠵᠢᠴᠢ ᠲᠡᠭᠦᠨ ᠠᠴᠠ ᠳᠡᠭᠡᠭᠰᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠬᠡᠷᠡᠭᠯᠡᠨ᠎ᠡ᠃ | | ᠬᠤᠶᠠᠳᠤᠭᠠᠷ ᠪᠦᠯᠦᠭ ᠬᠢᠨᠠᠨ ᠰᠢᠯᠭᠠᠵᠤ ᠱᠠᠩᠨᠠᠬᠤ ᠵᠠᠷᠴᠢᠮ | ᠭᠤᠷᠪᠠᠳᠤᠭᠠᠷ ᠵᠦᠢᠯ ᠱᠠᠩᠨᠠᠬᠤ ᠰᠢᠳᠬᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠰᠢᠯᠭᠠᠨ ᠬᠢᠨᠠᠬᠤ | ᠬᠠᠷᠠᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠮᠥᠷᠲᠡᠭᠡᠨ ᠬᠠᠮᠢᠶ᠎ᠠ ᠪᠦᠬᠦᠢ ᠱᠠᠭᠠᠷᠳᠠᠯᠭ᠎ᠠ ᠳᠤ ᠬᠦᠷᠦᠭᠰᠡᠨ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠢᠯᠠᠩᠭᠤᠶ᠎ᠠ ᠬᠠᠭᠤᠴᠢᠨ ᠵᠢᠵᠢᠭ ᠲᠣᠭᠤᠷᠢᠭ ᠪᠠ ᠲᠠᠩ ᠭᠠᠭᠴᠠ | ᠠᠰᠠᠷ ᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ | ᠵᠣᠬᠢᠬᠤ ᠱᠠᠩᠨᠠᠬᠤ ᠪᠠᠷᠢᠮᠵᠢᠶ᠎ᠠ ᠶᠣᠰᠣᠭᠠᠷ ᠱᠠᠩᠨᠠᠵᠤ ᠨᠥᠬᠦᠪᠦᠷᠢᠯᠡᠬᠦ ᠬᠡᠷᠡᠭᠲᠡᠢ᠃ ᠰᠢᠯᠭᠠᠨ ᠬᠢᠨᠠᠭᠠᠳ ᠪᠠᠷᠢᠮᠵᠢᠶ᠎ᠠ ᠳᠤ | ᠥᠯᠥ ᠬᠦᠷᠦᠭᠰᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ | ᠳᠤᠷᠠᠳᠬᠤ ᠬᠡᠷᠡᠭᠲᠡᠢ᠃ ᠰᠠᠨᠠᠭᠤᠯᠬᠤ ᠨᠢ᠂ ᠵᠠᠭᠤᠴᠢᠯᠠᠭᠤᠷ ᠢᠶᠠᠷ ᠳᠠᠮᠵᠢᠭᠤᠯᠤᠨ ᠢᠯᠡ ᠪᠠᠷ ᠢᠯᠡᠴᠢᠯᠡᠵᠦ᠂ ᠲᠡᠳᠡᠨ ᠤ | ᠦᠢᠯᠡᠴᠢᠯᠡᠭᠡ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠶᠢ ᠰᠢᠪᠠᠳᠠᠨ ᠱᠠᠭᠠᠷᠳᠠᠨ᠎ᠠ᠃ ᠰᠢᠯᠭᠠᠨ ᠬᠢᠨᠠᠬᠤ | ᠶᠠᠪᠤᠴᠠ ᠳᠤ ᠠᠵᠤ ᠠᠬᠤᠶᠢᠯᠠᠯ ᠳᠤ ︽ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠳᠥᠷᠪᠡᠳᠦᠭᠡᠷ ᠵᠦᠢᠯ ᠨᠢᠭᠡᠳᠦᠯᠲᠡᠢ ᠬᠢᠨᠠᠨ ᠵᠢᠯᠤᠭᠤᠳᠴᠤ ᠠᠵᠢᠯ ᠬᠤᠪᠢᠶᠠᠷᠢᠯᠠᠨ ᠬᠠᠮᠵᠢᠯᠴᠠᠬᠤ ᠵᠠᠷᠴᠢᠮ ᠢ | ᠪᠠᠷᠢᠮᠲᠠᠯᠠᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠯᠭᠠᠨ ᠬᠢᠨᠠᠵᠤ ᠱᠠᠩᠨᠠᠬᠤ ᠳᠤ | ᠬᠤᠰᠢᠭᠤ ᠵᠠᠰᠠᠭ ᠤᠨ ᠣᠷᠳᠣᠨ ᠠᠴᠠ ᠨᠢᠭᠡᠳᠦᠯᠲᠡᠢ ᠬᠢᠨᠠᠨ ᠵᠢᠯᠤᠭᠤᠳᠬᠤ ᠶᠢ ᠬᠠᠷᠢᠭᠤᠴᠠᠵᠤ᠂ ᠪᠠᠶᠢᠭ᠎ᠠ ᠭᠠᠵᠠᠷ ᠤᠨ | ᠵᠠᠰᠠᠭ ᠤᠨ ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠨ ᠠᠬᠢᠭᠤᠯᠤᠨ᠎ᠠ᠃ | ᠭᠤᠷᠪᠠᠳᠤᠭᠠᠷ ᠪᠦᠯᠦᠭ ᠬᠢᠨᠠᠨ ᠰᠢᠯᠭᠠᠬᠤ ᠠᠷᠭ᠎ᠠ ᠮᠠᠶ᠋ᠢᠭ | ᠲᠠᠪᠤᠳᠤᠭᠠᠷ ᠵᠦᠢᠯ ᠰᠢᠯᠭᠠᠨ ᠬᠢᠨᠠᠵᠤ ᠱᠠᠩᠨᠠᠵᠤ ᠲᠣᠷᠭᠠᠬᠤ ᠶᠡᠷᠦᠩᠬᠡᠢ ᠬᠤᠪᠢ ᠶᠢᠨ ᠥᠷᠲᠡᠭ ᠨᠢ 100 | ᠬᠤᠪᠢ ᠪᠠᠶᠢᠵᠤ᠂ ᠡᠳᠦᠷ ᠲᠤᠲᠤᠮ ᠤᠨ ᠬᠢᠨᠠᠨ ᠡᠵᠡᠮᠳᠡᠵᠦ ᠰᠢᠯᠭᠠᠨ ᠬᠢᠨᠠᠬᠤ ︵ᠶᠡᠷᠦᠩᠬᠡᠢ ᠬᠤᠪᠢ ᠶᠢᠨ | ᠥᠷᠲᠡᠭ ᠤᠨ 40% ᠶᠢ ᠡᠵᠡᠯᠡᠨ᠎ᠡ︶᠂ ᠥᠮᠴᠢᠲᠡᠨ ᠤ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠵᠤ ᠰᠢᠯᠭᠠᠨ ᠬᠢᠨᠠᠬᠤ | ︵ᠶᠡᠷᠦᠩᠬᠡᠢ ᠬᠤᠪᠢ ᠶᠢᠨ ᠥᠷᠲᠡᠭ ᠤᠨ 30% ᠶᠢ ᠡᠵᠡᠯᠡᠨ᠎ᠡ︶ ᠪᠠ ᠠᠳᠠᠯ ᠠᠬᠤᠢ ᠶᠢᠨ ᠰᠦᠢᠳᠬᠡᠯ ᠬᠤᠷᠢᠶᠠᠬᠤ | ᠨᠣᠷᠮ᠎ᠠ ᠶᠢᠨ ᠰᠢᠯᠭᠠᠨ ᠬᠢᠨᠠᠬᠤ ︵ᠶᠡᠷᠦᠩᠬᠡᠢ ᠬᠤᠪᠢ ᠶᠢᠨ ᠥᠷᠲᠡᠭ ᠤᠨ 30% ᠶᠢ ᠡᠵᠡᠯᠡᠨ᠎ᠡ︶ ᠬᠤᠪᠢ ᠶᠢᠨ | ᠥᠷᠲᠡᠭ ᠢᠶᠠᠷ ᠬᠤᠪᠢᠶᠠᠨ᠎ᠠ᠃ ᠵᠢᠵᠢᠭ ᠲᠣᠭᠤᠷᠢᠭ ᠪᠤᠶᠤ ᠲᠠᠩ ᠭᠠᠭᠴᠠ ᠠᠰᠠᠷ ᠤᠨ ᠲᠥᠷᠥᠯ ᠵᠦᠢᠯ ︵10 ᠰᠠᠷ᠎ᠠ | ᠵᠢᠴᠢ 10 ᠰᠠᠷ᠎ᠠ ᠠᠴᠠ ᠳᠡᠭᠡᠭᠰᠢ ᠦᠢᠯᠡᠴᠢᠯᠡᠭᠡ ᠬᠠᠩᠭᠠᠬᠤ ᠶᠢᠨ ᠬᠠᠮᠲᠤ ᠪᠠᠷᠢᠯᠭ᠎ᠠ ᠶᠢᠨ ᠲᠠᠯᠠᠪᠠᠶ ᠨᠢ ᠨᠡᠶᠢᠲᠡ 1. | 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ︶ ᠢᠶᠠᠷ ᠨᠢᠭᠡᠴᠢ ᠪᠣᠯᠭᠠᠨ ᠬᠢᠨᠠᠨ ᠰᠢᠯᠭᠠᠵᠤ ᠬᠤᠪᠢ | ᠪᠤᠳᠤᠨ᠎ᠠ᠃ | ᠵᠢᠷᠭᠤᠳᠤᠭᠠᠷ ᠵᠦᠢᠯ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠯᠭᠠᠨ | ᠬᠢᠨᠠᠵᠤ ᠱᠠᠩᠨᠠᠬᠤ ᠶᠢ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ | ᠡᠳᠦᠷ ᠲᠤᠲᠤᠮ ᠤᠨ ᠬᠢᠨᠠᠨ ᠡᠵᠡᠮᠳᠡᠬᠦ ᠬᠢᠨᠠᠨ ᠰᠢᠯᠭᠠᠬᠤ ᠶᠢ ᠪᠠᠷᠠᠭᠤᠨ ᠦᠵᠦᠮᠦᠴᠢᠨ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠪᠠᠶᠢᠭ᠎ᠠ ᠭᠠᠵᠠᠷ ᠤᠨ | ᠵᠠᠰᠠᠭ ᠤᠨ ᠣᠷᠳᠣᠨ ᠬᠠᠷᠢᠭᠤᠴᠠᠵᠤ᠂ ︽ᠳᠥᠷᠪᠡᠨ ᠦᠭᠡᠢ ᠬᠤᠶᠠᠷ ᠰᠢᠯᠤᠭᠤᠨ︾ ᠬᠡᠯᠪᠡᠷᠢ ᠶᠢ ᠠᠪᠴᠤ ᠰᠠᠷ᠎ᠠ | ᠪᠦᠷᠢ ᠨᠢᠭᠡ ᠤᠳᠠᠭ᠎ᠠ ᠲᠠᠰᠢᠷᠠᠮ ᠳᠠᠭᠠᠤ ᠰᠤᠭᠤᠴᠢᠨ ᠪᠠᠶᠢᠴᠠᠭᠠᠵᠤ᠂ ᠨᠡᠶᠢᠭᠡᠮ ᠲᠣᠭᠤᠷᠢᠭ ᠪᠠ ᠥᠮᠴᠢᠲᠡᠨ ᠤ | ᠵᠥᠪᠯᠡᠯ ᠪᠥᠬᠦ ᠶᠠᠪᠤᠴᠠ ᠳᠤ ᠣᠷᠣᠯᠴᠠᠵᠤ᠂ ᠨᠠᠷᠢᠨ ᠲᠣᠳᠣᠷᠬᠠᠢ ᠬᠤᠪᠢ ᠣᠯᠭᠤᠬᠤ ᠠᠷᠭ᠎ᠠ ᠮᠠᠶ᠋ᠢᠭ ᠨᠢ᠄ ᠰᠠᠷ᠎ᠠ ᠶᠢᠨ | ᠰᠢᠯᠭᠠᠯᠲᠠ ᠶᠢᠨ ᠬᠤᠪᠢ ᠶᠢᠨ ᠥᠷᠲᠡᠭ ᠤᠨ ᠨᠡᠶᠢᠯᠡᠪᠦᠷᠢ ᠪᠠᠷ ᠳᠤᠮᠳᠠᠴᠢ ᠥᠷᠲᠡᠭ ᠢ ᠠᠪᠴᠤ᠂ ᠳᠠᠬᠢᠭᠠᠳ | 40% ᠶᠢᠨ ᠡᠵᠡᠯᠡᠬᠦ ᠬᠠᠷᠢᠴᠠᠯ ᠢᠶᠠᠷ ᠬᠤᠪᠢ ᠠᠪᠴᠤ ᠲᠣᠰ ᠵᠢᠯ ᠤᠨ ᠡᠳᠦᠷ ᠲᠤᠲᠤᠮ ᠤᠨ ᠬᠢᠨᠠᠨ ᠡᠵᠡᠮᠳᠡᠵᠦ | ᠬᠢᠨᠠᠨ ᠰᠢᠯᠭᠠᠬᠤ ᠡᠴᠦᠰ ᠤᠨ ᠬᠤᠪᠢ ᠪᠣᠯᠭᠠᠵᠤ᠂ ᠡᠳᠦᠷ ᠲᠤᠲᠤᠮ ᠤᠨ ᠬᠢᠨᠠᠨ ᠡᠵᠡᠮᠳᠡᠵᠦ ᠬᠢᠨᠠᠨ ᠰᠢᠯᠭᠠᠬᠤ | ᠬᠤᠪᠢ ᠶᠢᠨ ᠥᠷᠲᠡᠭ ᠢ 40 ᠬᠤᠪᠢ ᠪᠣᠯᠭᠠᠨ᠎ᠠ᠃ ᠭᠤᠣᠯᠳᠠᠭᠤ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠡᠳᠦᠷ ᠲᠤᠲᠤᠮ ᠤᠨ ᠠᠮᠤᠷ ᠲᠦᠪᠰᠢᠨ ᠡᠵᠡᠩᠨᠡᠯᠲᠡ᠂ ᠦᠢᠯᠡᠴᠢᠯᠡᠭᠡᠨ ᠤ ᠶᠠᠰᠤ ᠴᠢᠨᠠᠷ᠂ | ᠥᠮᠴᠢᠲᠡᠨ ᠪᠠ ᠠᠵᠢᠯᠲᠠᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠵᠡᠷᠭᠡ ᠪᠠᠶᠢᠳᠠᠯ ᠳᠤ ᠵᠦᠢᠯ ᠳᠠᠷᠠᠭᠠᠯᠠᠨ | ᠰᠢᠯᠭᠠᠨ ᠦᠨᠡᠯᠡᠵᠦ ᠬᠤᠪᠢ ᠥᠭᠭᠦᠨ᠎ᠡ᠃ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠨᠢᠭᠡᠴᠡ ᠶᠢ ᠵᠣᠬᠢᠴᠠᠭᠤᠯᠤᠨ | ᠵᠣᠯᠭᠠᠭᠤᠯᠬᠤ ᠶᠢ ᠪᠣᠳᠠᠲᠠᠢ ᠬᠠᠷᠢᠭᠤᠴᠠᠵᠤ᠂ ᠠᠳᠠᠯ ᠠᠬᠤᠢ ᠶᠢᠨ ᠠᠵᠤ ᠠᠬᠤᠶᠢᠯᠠᠯ ᠢ ᠰᠢᠯᠭᠠᠨ ᠬᠢᠨᠠᠵᠤ᠂ ᠬᠠᠮᠢᠶ᠎ᠠ | ᠪᠦᠬᠦᠢ ᠮᠠᠲ᠋ᠧᠷᠢᠶᠠᠯ ᠢ ᠡᠮᠬᠢᠯᠡᠨ ᠬᠤᠷᠢᠶᠠᠩᠭᠤᠶᠢᠯᠠᠵᠤ᠂ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠰᠠᠯᠭᠠᠨ | ᠥᠭᠬᠦ ᠶᠢ ᠱᠠᠩᠨᠠᠨ᠎ᠠ᠃ ᠥᠮᠴᠢᠲᠡᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠪᠠᠯᠭᠠᠷᠭᠤᠣᠯ ᠪᠠᠯᠭᠠᠰᠤ᠂ | ᠪᠠᠶᠠᠨᠬᠤᠸᠠ ᠪᠠᠯᠭᠠᠰᠤ ᠶᠢᠨ ᠡᠯ᠎ᠡ ᠨᠡᠶᠢᠭᠡᠮ ᠲᠣᠭᠤᠷᠢᠭ᠂ ᠠᠵᠢᠯ ᠦᠢᠯᠡᠰ ᠤᠨ ᠵᠥᠪᠯᠡᠯ ᠠᠴᠠ ᠲᠣᠰ ᠲᠣᠰ | ᠬᠠᠷᠢᠶᠠᠯᠠᠯ ᠤᠨ ᠶᠣᠰᠣᠭᠠᠷ ᠪᠠᠶᠢᠴᠠᠭᠠᠨ ᠲᠣᠭᠲᠠᠭᠠᠬᠤ ᠠᠵᠢᠯ ᠢ ᠬᠠᠷᠢᠭᠤᠴᠠᠵᠤ᠂ ᠰᠢᠯᠭᠠᠨ ᠬᠢᠨᠠᠭᠰᠠᠨ ᠬᠤᠪᠢ ᠶᠢᠨ | ᠥᠷᠲᠡᠭ ᠨᠢ 30 ᠬᠤᠪᠢ ᠪᠣᠯᠣᠨ᠎ᠠ᠃ ᠠᠳᠠᠯ ᠠᠬᠤᠢ ᠶᠢᠨ ᠰᠦᠢᠳᠬᠡᠯ ᠬᠤᠷᠢᠶᠠᠬᠤ ᠨᠣᠷᠮ᠎ᠠ ᠶᠢ ᠠᠳᠠᠯ ᠠᠬᠤᠢ ᠶᠢᠨ | ᠠᠵᠤ ᠠᠬᠤᠶᠢᠯᠠᠯ ᠠᠴᠠ ᠪᠣᠳᠠᠲᠠᠢ ᠪᠠᠷ ᠬᠠᠩᠭᠠᠵᠤ᠂ ᠰᠢᠯᠭᠠᠨ ᠬᠢᠨᠠᠬᠤ ᠬᠤᠪᠢ ᠶᠢᠨ ᠥᠷᠲᠡᠭ ᠨᠢ 30 ᠬᠤᠪᠢ | ᠪᠠᠶᠢᠵᠤ᠂ ᠪᠣᠳᠠᠲᠠᠢ ᠬᠡᠮᠵᠢᠶᠡᠵᠢᠭᠦᠯᠦᠭᠰᠡᠨ ᠰᠢᠯᠭᠠᠨ ᠬᠢᠨᠠᠬᠤ ᠨᠠᠷᠢᠨ ᠳᠦᠷᠢᠮ ᠢ ᠠᠰ ᠲᠤᠨᠢ ᠲᠣᠭᠲᠠᠭᠠᠵᠤ | ᠬᠡᠷᠡᠭᠵᠢᠭᠦᠯᠦᠨ᠎ᠡ᠃ | ᠳᠥᠷᠪᠡᠳᠦᠭᠡᠷ ᠪᠦᠯᠦᠭ ᠱᠠᠩᠨᠠᠵᠤ ᠲᠣᠷᠭᠠᠬᠤ ᠠᠷᠭ᠎ᠠ | ᠳᠣᠯᠣᠳᠤᠭᠠᠷ ᠵᠦᠢᠯ ᠡᠩ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠷᠢᠮᠵᠢᠶ᠎ᠠ ᠳᠤ ᠬᠦᠷᠦᠭᠦᠯᠦᠨ | ᠰᠢᠯᠭᠠᠨ ᠬᠢᠨᠠᠭᠰᠠᠨ ᠦᠷ᠎ᠡ ᠳ᠋ᠦᠩ ᠨᠢ ᠬᠥᠬᠡ ᠲᠠᠰ ︵90 ᠬᠤᠪᠢ ᠠᠴᠠ ᠳᠡᠭᠡᠭᠰᠢ 90 ᠬᠤᠪᠢ ᠶᠢ ᠪᠠᠭᠲᠠᠭᠠᠬᠤ | ᠮᠥᠷᠲᠡᠭᠡᠨ ᠥᠮᠴᠢᠲᠡᠨ ᠤ ᠬᠠᠨᠤᠮᠵᠢ ᠶᠢᠨ ᠬᠡᠮᠵᠢᠶ᠎ᠡ ᠪᠠ ᠠᠳᠠᠯ ᠠᠬᠤᠢ ᠶᠢᠨ ᠰᠦᠢᠳᠬᠡᠯ ᠬᠤᠷᠢᠶᠠᠬᠤ ᠨᠣᠷᠮ᠎ᠠ ᠨᠢ | ᠲᠣᠰ ᠲᠣᠰ 80% ᠠᠴᠠ ᠳᠡᠭᠡᠭᠰᠢ ᠳᠤ ᠬᠦᠷᠦᠭᠰᠡᠨ︶ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠵᠠᠭᠤᠴᠢᠯᠠᠭᠤᠷ ᠲᠤ ᠢᠯᠡ ᠨᠡᠶᠢᠲᠡᠯᠡᠨ᠎ᠡ᠃ ᠳᠠᠷᠠᠭ᠎ᠠ ᠨᠢᠭᠡ ᠵᠢᠯ ᠤᠨ ᠰᠢᠯᠭᠠᠨ ᠬᠢᠨᠠᠬᠤ ᠠᠴᠠ ᠡᠮᠦᠨ᠎ᠡ | ᠬᠤᠰᠢᠭᠤ᠂ ᠠᠶᠢᠮᠠᠭ᠂ ᠥᠪᠡᠷᠲᠡᠭᠡᠨ ᠵᠠᠰᠠᠬᠤ ᠣᠷᠣᠨ ᠪᠣᠯᠣᠨ ᠤᠯᠤᠰ ᠤᠨ ᠲᠠᠰ ᠤᠨ ᠰᠢᠯᠢᠳᠡᠭ ᠠᠵᠤ ᠠᠬᠤᠶᠢᠯᠠᠯ | ᠪᠣᠯᠣᠨ ᠰᠢᠯᠢᠳᠡᠭ ᠲᠥᠷᠥᠯ ᠵᠦᠢᠯ ᠳᠤ ᠤᠷᠢᠳᠠᠪᠠᠷ ᠪᠠᠲᠤᠯᠠᠨ ᠲᠠᠨᠢᠯᠴᠠᠭᠤᠯᠵᠤ᠂ ᠠᠳᠠᠯ ᠠᠬᠤᠢ ᠶᠢᠨ ᠠᠵᠤ | ᠠᠬᠤᠶᠢᠯᠠᠯ ᠤᠨ ᠤᠷᠢᠳᠴᠢᠯᠠᠨ ᠰᠣᠩᠭᠤᠬᠤ ᠬᠥᠮᠥᠷᠭᠡ ᠳᠤ ᠰᠢᠭᠤᠳ ᠣᠷᠣᠭᠤᠯᠤᠨ᠂ ᠳᠠᠷᠠᠭ᠎ᠠ ᠨᠢᠭᠡ ᠵᠢᠯ ᠤᠨ | ᠪᠤᠰᠤᠳ ᠠᠳᠠᠯ ᠠᠬᠤᠢ ᠶᠢᠨ ᠲᠥᠷᠥᠯ ᠵᠦᠢᠯ ᠳᠤ ᠳᠠᠭᠠᠭᠠᠴᠢᠯᠠᠯᠲᠠ ᠥᠷᠢᠰᠦᠯᠳᠦᠬᠦ ᠦᠶ᠎ᠡ ᠳᠤ ᠤᠷᠢᠳᠠᠪᠠᠷ ᠪᠠᠲᠤᠯᠠᠨ | ᠲᠠᠨᠢᠯᠴᠠᠭᠤᠯᠤᠨ᠎ᠠ᠃ ᠬᠥᠬᠡ ᠲᠠᠰ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠩᠭᠠᠭᠰᠠᠨ | ᠦᠢᠯᠡᠴᠢᠯᠡᠭᠡᠨ ᠤ ᠪᠠᠷᠢᠯᠭ᠎ᠠ ᠶᠢᠨ ᠲᠠᠯᠠᠪᠠᠶ ᠨᠢ 10 ᠲᠦᠮᠡ ︵10 ᠲᠦᠮᠡ ᠪᠠᠭᠲᠠᠨ᠎ᠠ︶ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠪᠠᠶᠢᠪᠠᠯ ᠠᠷᠠᠳ ᠤᠨ ᠵᠣᠭᠤᠰ ᠢᠶᠠᠷ 15 ᠲᠦᠮᠡᠨ ᠲᠥᠭᠦᠷᠢᠭ ᠱᠠᠩᠨᠠᠨ᠎ᠠ︔ 5 ᠲᠦᠮᠡ ︵5 | ᠲᠦᠮᠡ ᠪᠠᠭᠲᠠᠨ᠎ᠠ︶ ᠠᠴᠠ 10 ᠲᠦᠮᠡᠨ ᠲᠡᠭᠰᠢ ᠳᠥᠷᠪᠡᠯᠵᠢᠨ ᠮᠧᠲᠷ ᠲᠤ ᠠᠷᠠᠳ ᠤᠨ ᠵᠣᠭᠤᠰ ᠢᠶᠠᠷ 10 | ᠲᠦᠮᠡᠨ ᠲᠥᠭᠦᠷᠢᠭ ᠱᠠᠩᠨᠠᠨ᠎ᠠ᠃ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠪᠠᠶᠢᠪᠠᠯ ᠠᠷᠠᠳ ᠤᠨ | ᠵᠣᠭᠤᠰ ᠢᠶᠠᠷ 8 ᠲᠦᠮᠡᠨ ᠲᠥᠭᠦᠷᠢᠭ ᠱᠠᠩᠨᠠᠨ᠎ᠠ᠃ | ᠰᠢᠯᠭᠠᠨ ᠬᠢᠨᠠᠭᠰᠠᠨ ᠦᠷ᠎ᠡ ᠳ᠋ᠦᠩ ᠨᠢ ᠬᠥᠬᠡᠭᠴᠢᠨ ᠲᠠᠰ ︵80 ︱ 89 ᠬᠤᠪᠢ ᠳᠤ 80 ᠬᠤᠪᠢ ᠶᠢ | ᠪᠠᠭᠲᠠᠭᠠᠭᠰᠠᠨ ᠮᠥᠷᠲᠡᠭᠡᠨ ᠥᠮᠴᠢᠲᠡᠨ ᠤ ᠬᠠᠨᠤᠮᠵᠢ ᠶᠢᠨ ᠬᠡᠮᠵᠢᠶ᠎ᠡ ᠪᠠ ᠠᠳᠠᠯ ᠠᠬᠤᠢ ᠶᠢᠨ ᠰᠦᠢᠳᠬᠡᠯ | ᠬᠤᠷᠢᠶᠠᠭᠰᠠᠨ ᠨᠣᠷᠮ᠎ᠠ ᠨᠢ ᠲᠣᠰ ᠲᠣᠰ 70% ᠠᠴᠠ ᠳᠡᠭᠡᠭᠰᠢ ᠳᠤ ᠬᠦᠷᠦᠭᠰᠡᠨ︶ ᠤᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠵᠠᠭᠤᠴᠢᠯᠠᠭᠤᠷ ᠲᠤ ᠢᠯᠡ ᠨᠡᠶᠢᠲᠡᠯᠡᠨ᠎ᠡ᠃ ᠳᠠᠷᠠᠭ᠎ᠠ ᠨᠢᠭᠡ ᠵᠢᠯ ᠤᠨ ᠬᠤᠰᠢᠭᠤ | ᠂ ᠠᠶᠢᠮᠠᠭ ᠤᠨ ᠲᠠᠰ ᠤᠨ ᠰᠢᠯᠢᠳᠡᠭ ᠠᠵᠤ ᠠᠬᠤᠶᠢᠯᠠᠯ ᠪᠠ ᠰᠢᠯᠢᠳᠡᠭ ᠲᠥᠷᠥᠯ ᠵᠦᠢᠯ ᠢᠶᠠᠷ ᠮᠡᠳᠡᠭᠦᠯᠬᠦ ᠳᠤᠮᠳᠠ | ᠠᠴᠠ ᠪᠠᠲᠤᠯᠠᠨ ᠲᠠᠨᠢᠯᠴᠠᠭᠤᠯᠤᠨ᠎ᠠ᠃ ᠬᠥᠬᠡᠭᠴᠢᠨ ᠲᠠᠰ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠠᠩᠭᠠᠭᠰᠠᠨ ᠦᠢᠯᠡᠴᠢᠯᠡᠭᠡᠨ ᠤ ᠪᠠᠷᠢᠯᠭ᠎ᠠ ᠶᠢᠨ ᠲᠠᠯᠠᠪᠠᠶ ᠨᠢ 10 ᠲᠦᠮᠡ ︵10 ᠲᠦᠮᠡ ᠪᠠᠭᠲᠠᠨ᠎ᠠ | ︶ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ ᠠᠷᠠᠳ ᠤᠨ ᠵᠣᠭᠤᠰ ᠢᠶᠠᠷ 6 ᠲᠦᠮᠡᠨ ᠲᠥᠭᠦᠷᠢᠭ | ᠱᠠᠩᠨᠠᠨ᠎ᠠ᠃ ᠦᠢᠯᠡᠴᠢᠯᠡᠭᠡ ᠬᠠᠩᠭᠠᠭᠰᠠᠨ ᠪᠠᠷᠢᠯᠭ᠎ᠠ ᠶᠢᠨ ᠲᠠᠯᠠᠪᠠᠶ ᠨᠢ 5 ᠲᠦᠮᠡ ︵5 ᠲᠦᠮᠡ ᠪᠠᠭᠲᠠᠨ᠎ᠠ︶ ᠠᠴᠠ | 10 ᠲᠦᠮᠡᠨ ᠲᠡᠭᠰᠢ ᠳᠥᠷᠪᠡᠯᠵᠢᠨ ᠮᠧᠲᠷ ᠲᠤ ᠭᠦᠷᠪᠡᠯ ᠠᠷᠠᠳ ᠤᠨ ᠵᠣᠭᠤᠰ ᠢᠶᠠᠷ 4 ᠲᠦᠮᠡᠨ ᠲᠥᠭᠦᠷᠢᠭ | ᠱᠠᠩᠨᠠᠨ᠎ᠠ᠃ ᠦᠢᠯᠡᠴᠢᠯᠡᠭᠡ ᠬᠠᠩᠭᠠᠬᠤ ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠣᠷᠣᠭᠰᠢ ᠪᠠᠶᠢᠪᠠᠯ ᠠᠷᠠᠳ ᠤᠨ ᠵᠣᠭᠤᠰ ᠢᠶᠠᠷ 2 ᠲᠦᠮᠡᠨ ᠲᠥᠭᠦᠷᠢᠭ ᠱᠠᠩᠨᠠᠨ᠎ᠠ᠃ | ᠰᠢᠯᠭᠠᠨ ᠬᠢᠨᠠᠭᠰᠠᠨ ᠦᠷ᠎ᠡ ᠳ᠋ᠦᠩ ᠨᠢ ᠤᠯᠠᠭᠠᠨ ᠲᠠᠰ ︵60 ︱ 79 ᠬᠤᠪᠢ ᠳᠤ 60 ᠬᠤᠪᠢ ᠶᠢ | ᠪᠠᠭᠲᠠᠭᠠᠨ᠎ᠠ︶ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠱᠠᠩᠨᠠᠬᠤ ᠦᠭᠡᠢ ᠪᠥᠭᠡᠳ ᠲᠡᠭᠦᠨ ᠤ | ᠦᠢᠯᠡᠴᠢᠯᠡᠭᠡᠨ ᠤ ᠲᠥᠷᠥᠯ ᠵᠦᠢᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠤᠶᠤ ᠰᠠᠨᠠᠭᠤᠯᠭ᠎ᠠ ᠳᠤᠷᠠᠳᠴᠤ᠂ | ᠲᠡᠭᠦᠨ ᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨᠲᠠ ᠰᠢᠯᠭᠠᠨ ᠬᠢᠨᠠᠵᠤ᠂ ᠰᠢᠯᠭᠠᠨ ᠬᠢᠨᠠᠭᠠᠳ ᠬᠢᠷᠢ ᠲᠡᠩᠴᠡᠭᠰᠡᠨ ᠢ | ᠨᠢ ᠬᠢᠷᠢ ᠲᠡᠩᠴᠡᠭᠰᠡᠨ ᠠᠵᠤ ᠠᠬᠤᠶᠢᠯᠠᠯ ᠤᠨ ᠳᠡᠩᠰᠡᠯᠡᠨ ᠬᠠᠮᠢᠶᠠᠷᠬᠤ ᠬᠥᠮᠥᠷᠭᠡ ᠳᠤ ᠣᠷᠣᠭᠤᠯᠤᠨ᠎ᠠ ᠃ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ ᠶᠢ ᠨᠢ ᠬᠢᠷᠢ ᠲᠡᠩᠴᠡᠬᠦ ᠦᠭᠡᠢ ᠠᠵᠤ | ᠠᠬᠤᠶᠢᠯᠠᠯ ᠤᠨ ᠳᠡᠩᠰᠡᠯᠡᠨ ᠬᠠᠮᠢᠶᠠᠷᠬᠤ ᠬᠥᠮᠥᠷᠭᠡ ᠳᠤ ᠣᠷᠣᠭᠤᠯᠬᠤ ᠶᠢᠨ ᠬᠠᠮᠲᠤ ᠵᠠᠭᠤᠴᠢᠯᠠᠭᠤᠷ ᠳᠡᠭᠡᠷ᠎ᠡ ᠢᠯᠡ | ᠨᠡᠶᠢᠲᠡᠯᠡᠵᠦ᠂ ᠥᠮᠴᠢᠲᠡᠨ ᠤ ᠵᠥᠪᠯᠡᠯ ︵ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶ | ᠪᠤᠶᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠳᠤ ᠮᠡᠳᠡᠭᠳᠡᠵᠦ᠂ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠶᠢ ᠬᠦᠴᠦᠨ ᠦᠭᠡᠢ ᠪᠣᠯᠭᠠᠬᠤ ᠶᠢ ᠰᠠᠨᠠᠭᠤᠯᠬᠤ ᠬᠡᠷᠡᠭᠲᠡᠢ᠃ | ᠰᠢᠯᠭᠠᠨ ᠬᠢᠨᠠᠭᠰᠠᠨ ᠦᠷ᠎ᠡ ᠳ᠋ᠦᠩ ᠨᠢ ᠤᠯᠠᠭᠠᠭᠴᠢᠨ ᠲᠠᠰ ︵60 ᠬᠤᠪᠢ ᠠᠴᠠ ᠳᠣᠷᠣᠭᠰᠢ︶ ᠪᠠᠶᠢᠪᠠᠯ | ᠬᠢᠷᠢ ᠲᠡᠩᠴᠡᠬᠦ ᠦᠭᠡᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠦᠵᠡᠵᠦ᠂ ᠰᠢᠯᠭᠠᠨ | ᠬᠢᠨᠠᠭᠰᠠᠨ ᠦᠷ᠎ᠡ ᠳ᠋ᠦᠩ ᠢ ᠨᠢ ᠵᠠᠭᠤᠴᠢᠯᠠᠭᠤᠷ ᠳᠡᠭᠡᠷ᠎ᠡ ᠢᠯᠡ ᠨᠡᠶᠢᠲᠡᠯᠡᠬᠦ ᠶᠢᠨ ᠬᠠᠮᠲᠤ᠂ ᠲᠡᠭᠦᠨ ᠤ | ᠦᠢᠯᠡᠴᠢᠯᠡᠭᠡᠨ ᠤ ᠲᠥᠷᠥᠯ ᠵᠦᠢᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠤᠶᠤ ᠰᠠᠨᠠᠭᠤᠯᠭ᠎ᠠ ᠳᠤᠷᠠᠳᠴᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨᠲᠠ | ᠰᠢᠯᠭᠠᠨ ᠬᠢᠨᠠᠵᠤ᠂ ᠰᠢᠯᠭᠠᠨ ᠬᠢᠨᠠᠭᠠᠳ ᠬᠢᠷᠢ ᠲᠡᠩᠴᠡᠭᠰᠡᠨ ᠢ ᠨᠢ ᠬᠢᠷᠢ ᠲᠡᠩᠴᠡᠭᠰᠡᠨ ᠠᠵᠤ ᠠᠬᠤᠶᠢᠯᠠᠯ ᠤᠨ | ᠳᠡᠩᠰᠡᠯᠡᠨ ᠬᠠᠮᠢᠶᠠᠷᠬᠤ ᠬᠥᠮᠥᠷᠭᠡ ᠳᠤ ᠣᠷᠣᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ | ᠦᠭᠡᠢ ᠶᠢ ᠨᠢ ᠬᠢᠷᠢ ᠲᠡᠩᠴᠡᠬᠦ ᠦᠭᠡᠢ ᠠᠵᠤ ᠠᠬᠤᠶᠢᠯᠠᠯ ᠤᠨ ᠳᠡᠩᠰᠡᠯᠡᠨ ᠬᠠᠮᠢᠶᠠᠷᠬᠤ ᠬᠥᠮᠥᠷᠭᠡ ᠳᠤ | ᠣᠷᠣᠭᠤᠯᠬᠤ ᠶᠢᠨ ᠬᠠᠮᠲᠤ᠂ ᠥᠮᠴᠢᠲᠡᠨ ᠤ ᠵᠥᠪᠯᠡᠯ ︵ᠨᠡᠶᠢᠭᠡᠮ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠵᠥᠪᠯᠡᠯ︶ ᠪᠤᠶᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠳᠤ ᠮᠡᠳᠡᠭᠳᠡᠵᠦ᠂ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠬᠦᠴᠦᠨ ᠦᠭᠡᠢ ᠪᠣᠯᠭᠠᠬᠤ ᠶᠢ ᠰᠠᠨᠠᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠳᠠᠩ ᠭᠠᠭᠴᠠ ᠠᠰᠠᠷ ᠤᠨ ᠲᠥᠷᠥᠯ ᠵᠦᠢᠯ ᠵᠢᠴᠢ 2005 ᠣᠨ ᠠᠴᠠ ᠡᠮᠦᠨ᠎ᠡ | ᠪᠠᠶᠢᠭᠤᠯᠤᠭᠰᠠᠨ ᠬᠠᠭᠤᠴᠢᠨ ᠵᠢᠵᠢᠭ ᠲᠣᠭᠤᠷᠢᠭ ︵10 ᠰᠠᠷ᠎ᠠ ᠵᠢᠴᠢ 10 ᠰᠠᠷ᠎ᠠ ᠠᠴᠠ ᠳᠡᠭᠡᠭᠰᠢ ᠦᠢᠯᠡᠴᠢᠯᠡᠭᠡ | ᠬᠠᠩᠭᠠᠭᠰᠠᠨ ᠪᠥᠭᠡᠳ ᠪᠠᠷᠢᠯᠭ᠎ᠠ ᠶᠢᠨ ᠲᠠᠯᠠᠪᠠᠶ ᠨᠢ ᠨᠡᠶᠢᠲᠡ 1.5 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢ︶ ᠤᠨ ᠠᠳᠠᠯ ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ | ᠠᠪᠴᠤ᠂ ᠡᠭᠦᠨ ᠤ ᠬᠠᠮᠲᠤ ᠲᠣᠰ ᠠᠷᠭ᠎ᠠ ᠶᠢᠨ ᠳᠣᠯᠣᠳᠤᠭᠠᠷ ᠵᠦᠢᠯ ᠤᠨ ᠡᠩ ᠤᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠱᠠᠩᠨᠠᠬᠤ ᠨᠥᠬᠦᠴᠡᠯ ᠳᠤ ᠬᠦᠷᠦᠭᠰᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ | ᠡᠩ ᠤᠨ ᠵᠢᠵᠢᠭ ᠲᠣᠭᠤᠷᠢᠭ ᠢ ᠲᠥᠷᠥᠯ ᠬᠤᠪᠢᠶᠠᠨ ᠲᠠᠰ ᠬᠤᠪᠢᠶᠠᠨ ᠱᠠᠩᠨᠠᠬᠤ ᠨᠥᠬᠦᠪᠦᠷᠢ ᠶᠢᠨ ᠪᠠᠷᠢᠮᠵᠢᠶ᠎ᠠ ᠶᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ 3 ᠲᠦᠮᠡᠨ ᠲᠥᠭᠦᠷᠢᠭ ᠨᠡᠮᠡᠵᠦ ᠱᠠᠩᠨᠠᠨ᠎ᠠ᠃ | ᠨᠠᠢᠮᠠᠳᠤᠭᠠᠷ ᠵᠦᠢᠯ ᠳᠠᠩ ᠭᠠᠭᠴᠠ ᠠᠰᠠᠷ ᠤᠨ ᠲᠥᠷᠥᠯ ᠵᠦᠢᠯ ᠵᠢᠴᠢ 2005 ᠣᠨ ᠠᠴᠠ ᠡᠮᠦᠨ᠎ᠡ | ᠪᠠᠶᠢᠭᠤᠯᠤᠭᠰᠠᠨ ᠬᠠᠭᠤᠴᠢᠨ ᠵᠢᠵᠢᠭ ᠲᠣᠭᠤᠷᠢᠭ ︵10 ᠰᠠᠷ᠎ᠠ ᠵᠢᠴᠢ 10 ᠰᠠᠷ᠎ᠠ ᠠᠴᠠ ᠳᠡᠭᠡᠭᠰᠢ ᠦᠢᠯᠡᠴᠢᠯᠡᠭᠡ | ᠬᠠᠩᠭᠠᠭᠰᠠᠨ ᠪᠥᠭᠡᠳ ᠪᠠᠷᠢᠯᠭ᠎ᠠ ᠶᠢᠨ ᠲᠠᠯᠠᠪᠠᠶ ᠨᠢ ᠨᠡᠶᠢᠲᠡ 1.5 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢ︶ ᠤᠨ ᠠᠳᠠᠯ ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ | ᠠᠪᠴᠤ᠂ ᠡᠭᠦᠨ ᠤ ᠬᠠᠮᠲᠤ ᠲᠣᠰ ᠠᠷᠭ᠎ᠠ ᠶᠢᠨ ᠳᠣᠯᠣᠳᠤᠭᠠᠷ ᠵᠦᠢᠯ ᠤᠨ ᠡᠩ ᠤᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠱᠠᠩᠨᠠᠬᠤ ᠨᠥᠬᠦᠴᠡᠯ ᠳᠤ ᠬᠦᠷᠦᠭᠰᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ | ᠡᠩ ᠤᠨ ᠵᠢᠵᠢᠭ ᠲᠣᠭᠤᠷᠢᠭ ᠢ ᠲᠥᠷᠥᠯ ᠬᠤᠪᠢᠶᠠᠨ ᠲᠠᠰ ᠬᠤᠪᠢᠶᠠᠨ ᠱᠠᠩᠨᠠᠬᠤ ᠨᠥᠬᠦᠪᠦᠷᠢ ᠶᠢᠨ ᠪᠠᠷᠢᠮᠵᠢᠶ᠎ᠠ ᠶᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ 3 ᠲᠦᠮᠡᠨ ᠲᠥᠭᠦᠷᠢᠭ ᠨᠡᠮᠡᠵᠦ ᠱᠠᠩᠨᠠᠨ᠎ᠠ᠃ | ᠶᠢᠰᠦᠳᠦᠭᠡᠷ ᠵᠦᠢᠯ ᠬᠠᠭᠤᠴᠢᠨ ᠵᠢᠵᠢᠭ ᠲᠣᠭᠤᠷᠢᠭ ᠵᠢᠴᠢ ᠲᠠᠩ ᠭᠠᠭᠴᠠ ᠠᠰᠠᠷ ᠤᠨ ᠪᠠᠶᠢᠳᠠᠯ ᠢ | ᠦᠨᠳᠦᠰᠦᠯᠡᠨ᠂ ᠥᠮᠴᠢᠲᠡᠨ ᠤ ᠬᠠᠨᠤᠮᠵᠢ ᠶᠢᠨ ᠬᠡᠮᠵᠢᠶ᠎ᠡ ᠵᠢᠴᠢ ᠠᠳᠠᠯ ᠠᠬᠤᠢ ᠶᠢᠨ ᠰᠦᠢᠳᠬᠡᠯ ᠬᠤᠷᠢᠶᠠᠭᠰᠠᠨ | ᠨᠣᠷᠮ᠎ᠠ ᠨᠢ 70% ᠠᠴᠠ ᠳᠡᠭᠡᠭᠰᠢ ᠳᠤ ᠬᠦᠷᠦᠭᠰᠡᠨ ᠪᠠᠶᠢᠪᠠᠯ ᠬᠥᠬᠡ ᠲᠠᠰ ᠤᠨ ᠱᠠᠩᠨᠠᠯ ᠤᠨ ᠪᠠᠷᠢᠮᠵᠢᠶ᠎ᠠ ᠳᠤ | ᠣᠷᠣᠭᠤᠯᠵᠤ ᠪᠣᠯᠣᠨ᠎ᠠ᠃ ᠥᠮᠴᠢᠲᠡᠨ ᠤ ᠬᠠᠨᠤᠮᠵᠢ ᠶᠢᠨ ᠬᠡᠮᠵᠢᠶ᠎ᠡ ᠵᠢᠴᠢ ᠠᠳᠠᠯ ᠠᠬᠤᠢ ᠶᠢᠨ ᠰᠦᠢᠳᠬᠡᠯ ᠬᠤᠷᠢᠶᠠᠬᠤ | ᠨᠣᠷᠮ᠎ᠠ ᠨᠢ 60% ᠠᠴᠠ ᠳᠡᠭᠡᠭᠰᠢ ᠳᠤ ᠬᠦᠷᠦᠭᠰᠡᠨ ᠪᠠᠶᠢᠪᠠᠯ ᠬᠥᠬᠡᠭᠴᠢᠨ ᠲᠠᠰ ᠤᠨ ᠰᠢᠯᠭᠠᠨ ᠬᠢᠨᠠᠬᠤ | ᠪᠠᠷᠢᠮᠵᠢᠶ᠎ᠠ ᠳᠤ ᠣᠷᠣᠭᠤᠯᠵᠤ ᠪᠣᠯᠣᠨ᠎ᠠ᠃ | ᠠᠷᠪᠠᠳᠤᠭᠠᠷ ᠵᠦᠢᠯ ᠰᠢᠯᠭᠠᠨ ᠬᠢᠨᠠᠵᠤ ᠱᠠᠩᠨᠠᠬᠤ ᠳᠤ ᠳᠡᠭᠡᠷ᠎ᠡ ᠨᠢᠭᠡ ᠵᠢᠯ ᠤᠨ ᠱᠠᠩᠨᠠᠯ ᠤᠨ ᠪᠡᠯᠡ ᠮᠥᠩᠭᠦ ᠶᠢ | ᠳᠠᠷᠠᠭ᠎ᠠ ᠨᠢᠭᠡ ᠵᠢᠯ ᠳᠤ ᠪᠡᠯᠡᠨ ᠵᠣᠭᠤᠰ ᠪᠣᠯᠭᠠᠬᠤ ᠠᠷᠭ᠎ᠠ ᠶᠢ ᠠᠪᠴᠤ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠨᠠᠩ ᠰᠠᠶᠢᠨ ᠨᠠᠩ ᠢᠳᠡᠪᠬᠢᠲᠡᠢ ᠪᠠᠷ ᠡᠭᠦᠷᠭᠡᠯᠡᠬᠦ ᠶᠢ | ᠵᠣᠷᠢᠭᠵᠢᠭᠤᠯᠤᠨ᠎ᠠ᠃ | ᠠᠷᠪᠠᠨ ᠨᠢᠭᠡᠳᠦᠭᠡᠷ ᠦᠮᠴᠢᠳᠡᠳ ᠤᠨ ᠵᠥᠪᠯᠡᠯ ᠢ ᠱᠠᠩᠨᠠᠨ ᠬᠥᠬᠢᠭᠦᠯᠦᠨ᠎ᠡ᠃ ᠪᠠᠯᠭᠠᠷᠭᠤᠣᠯ ᠪᠠᠯᠭᠠᠰᠤ ᠪᠣᠯᠣᠨ | ᠪᠠᠶᠠᠨᠬᠤᠸᠠ ᠪᠠᠯᠭᠠᠰᠤ ᠶᠢᠨ ᠡᠯ᠎ᠡ ᠨᠡᠶᠢᠭᠡᠮ ᠲᠣᠭᠤᠷᠢᠭ ᠠᠴᠠ ᠵᠢᠯ ᠪᠦᠷᠢ ᠨᠢᠭᠡ ᠥᠮᠴᠢᠲᠡᠨ ᠤ ᠬᠠᠨᠤᠮᠵᠢ ᠶᠢᠨ | ᠬᠡᠮᠵᠢᠶ᠎ᠡ ᠪᠠᠷ ᠨᠡᠯᠢᠶᠡᠳ ᠥᠨᠳᠥᠷ ᠥᠮᠴᠢᠲᠡᠨ ᠤ ᠵᠥᠪᠯᠡᠯ ᠢ ᠰᠣᠩᠭᠤᠨ ᠬᠢᠨᠠᠨ ᠰᠢᠯᠭᠠᠨ᠎ᠠ ︵ᠥᠮᠴᠢᠲᠡᠨ ᠲᠠᠢ | ᠨᠢᠭᠲᠠ ᠬᠠᠷᠢᠯᠴᠠᠵᠤ᠂ ᠠᠵᠢᠯ ᠢᠶᠠᠨ ᠨᠠᠷᠢᠨ ᠬᠢᠨᠠᠮᠠᠭᠠᠢ ᠬᠠᠷᠢᠭᠤᠴᠠᠵᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠵᠢᠱᠢᠶᠡᠴᠢ ᠪᠠᠷ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ ᠨᠠᠷᠢᠨ ᠪᠤᠳᠤᠯᠢᠶᠠᠨᠲᠠᠢ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠨᠢ ᠬᠦᠴᠦᠲᠡᠢ᠂ ᠥᠮᠴᠢᠲᠡᠨ ᠤ ᠬᠦᠴᠢᠷ ᠵᠣᠪᠠᠭᠤᠷᠢ ᠶᠢ ᠦᠨᠡᠨᠬᠦ | ᠰᠢᠢᠳᠪᠦᠷᠢᠯᠡᠵᠦ ᠳᠡᠶᠢᠯᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠬᠦ ᠵᠡᠷᠭᠡ︶᠃ ᠪᠠᠯᠭᠠᠷᠭᠤᠣᠯ ᠪᠠᠯᠭᠠᠰᠤᠨ ᠤ ᠵᠠᠰᠠᠭ ᠤᠨ ᠣᠷᠳᠣᠨ ᠪᠣᠯᠣᠨ ᠪᠠᠶᠠᠨᠬᠤᠸᠠ ᠪᠠᠯᠭᠠᠰᠤᠨ ᠤ | ᠵᠠᠰᠠᠭ ᠤᠨ ᠣᠷᠳᠣᠨ ᠤ ᠬᠢᠨᠠᠨ ᠰᠢᠯᠭᠠᠯᠲᠠ ᠪᠠᠷ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ | ᠳᠠᠷᠠᠭ᠎ᠠ᠂ ᠣᠨᠴᠠᠭᠠᠢ ᠱᠠᠩᠨᠠᠯ 1 ᠲᠦᠮᠡᠨ ᠲᠥᠭᠦᠷᠢᠭ ︵ᠦᠮᠴᠢᠳᠡᠳ ᠤᠨ ᠵᠥᠪᠯᠡᠯ ᠤᠨ ᠠᠯᠪᠠᠯᠠᠬᠤ | ᠰᠤᠷᠤᠯᠴᠠᠯᠭ᠎ᠠ ᠶᠢᠨ ᠵᠠᠷᠤᠳᠠᠯ ᠳᠤ ᠬᠡᠷᠡᠭᠯᠡᠬᠦ ᠪᠥᠭᠡᠳ ᠱᠠᠩᠨᠠᠯ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ | ᠰᠠᠭᠤᠭᠠᠯᠢ ᠠᠷᠠᠳ ᠲᠤ ᠵᠠᠷᠯᠠᠨ ᠨᠡᠶᠢᠲᠡᠯᠡᠨ᠎ᠡ︶ ᠢ ᠱᠠᠩᠨᠠᠨ᠎ᠠ᠃ | ᠠᠷᠪᠠᠨ ᠬᠤᠶᠠᠳᠤᠭᠠᠷ ᠵᠦᠢᠯ ᠱᠠᠩᠨᠠᠯ ᠢ ᠢᠯᠡ ᠨᠡᠶᠢᠲᠡᠯᠡᠬᠦ ᠬᠤᠭᠤᠴᠠᠭᠠᠨ ᠳᠤ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠱᠠᠩᠨᠠᠬᠤ ᠪᠤᠶᠤ ᠱᠠᠩᠨᠠᠯ ᠤᠨ ᠲᠠᠰ ᠢ ᠢᠯᠡᠴᠢᠯᠡᠨ ᠮᠡᠳᠡᠭᠦᠯᠬᠦ᠂ ᠵᠠᠭᠠᠯᠳᠤᠬᠤ | ᠪᠠᠶᠢᠳᠠᠯ ᠭᠠᠷᠪᠠᠯ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠲᠣᠰ ᠠᠷᠭ᠎ᠠ ᠶᠢᠨ ᠵᠢᠷᠭᠤᠳᠤᠭᠠᠷ ᠵᠦᠢᠯ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠳᠠᠬᠢᠨ ᠪᠠᠶᠢᠴᠠᠭᠠᠵᠤ᠂ ᠳᠠᠬᠢᠨ ᠬᠢᠨᠠᠭᠰᠠᠨ ᠤ | ᠳᠠᠷᠠᠭ᠎ᠠ ᠬᠠᠮᠤᠭ ᠡᠴᠦᠰ ᠲᠤ ᠮᠠᠭᠠᠳᠯᠠᠨ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠱᠠᠩᠨᠠᠯ ᠤᠨ ᠪᠡᠯᠡ ᠮᠥᠩᠭᠦ ᠶᠢ ᠵᠢᠯ ᠪᠦᠷᠢ ᠶᠢᠨ ᠰᠢᠯᠭᠠᠨ ᠬᠢᠨᠠᠭᠰᠠᠨ ᠦᠷ᠎ᠡ | ᠳ᠋ᠦᠩ ᠢ ᠦᠨᠳᠦᠰᠦᠯᠡᠨ ᠦᠨᠡᠨ ᠪᠣᠳᠠᠲᠠᠢ ᠪᠠᠷ ᠮᠡᠳᠡᠭᠦᠯᠬᠦ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ᠂ | ᠳᠠᠷᠠᠭ᠎ᠠ ᠨᠢᠭᠡ ᠵᠢᠯ ᠤᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢᠨ ᠬᠠᠮᠲᠤ᠂ ᠲᠣᠰ ᠠᠷᠭ᠎ᠠ ᠶᠢᠨ | ᠠᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠱᠠᠩᠨᠠᠯ ᠤᠨ ᠮᠥᠩᠭᠦ ᠣᠯᠭᠤᠨ᠎ᠠ᠃ | ᠠᠷᠪᠠᠨ ᠳᠥᠷᠪᠡᠳᠦᠭᠡᠷ ᠵᠦᠢᠯ ᠱᠠᠩᠨᠠᠬᠤ ᠡᠲᠡᠭᠡᠳ ᠲᠤ ᠳᠣᠣᠷᠠᠬᠢ ᠮᠡᠲᠦ ᠪᠠᠶᠢᠳᠠᠯ ᠭᠠᠷᠪᠠᠯ᠂ ᠨᠢᠭᠡ | ᠫᠢᠶᠣᠣ ᠪᠠᠷ ᠦᠭᠡᠶᠢᠰᠬᠡᠬᠦ ᠬᠡᠷᠡᠭᠲᠡᠢ᠃ | ︵ᠨᠢᠭᠡ︶ ᠠᠶᠤᠯᠬᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ ᠪᠤᠯᠵᠦ᠂ ᠡᠩ ᠤᠨ ᠪᠠ ᠲᠡᠭᠦᠨ ᠠᠴᠠ ᠳᠡᠭᠡᠭᠰᠢᠬᠢ | ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ ᠪᠤᠶᠤ ᠭᠠᠯ ᠤᠨ ᠠᠶᠤᠯ ᠤᠨ ᠡ᠊ᠨᠳᠡᠯ ᠭᠠᠷᠬᠤ ᠳᠤ ᠬᠦᠷᠦᠭᠦᠯᠦᠭᠰᠡᠨ | ᠠᠵᠤ ᠠᠬᠤᠶᠢᠯᠠᠯ | ︵ᠬᠤᠶᠠᠷ︶ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠪᠤᠶᠤ ᠭᠠᠯ ᠤᠨ ᠠᠶᠤᠯ ᠤᠨ ᠡ᠊ᠨᠳᠡᠯ ᠭᠠᠷᠤᠭᠰᠠᠨ ᠢ | ᠨᠢᠭᠤᠨ ᠳᠠᠯᠳᠠᠯᠠᠵᠤ ᠦᠯᠦ ᠮᠡᠳᠡᠭᠦᠯᠦᠭᠰᠡᠨ᠃ | ︵ᠭᠤᠷᠪᠠ︶ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠪᠤᠶᠤ ᠭᠠᠯ ᠤᠨ ᠠᠶᠤᠯ ᠤᠨ ᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠦᠴᠦᠲᠡᠢ ᠬᠢᠭᠰᠡᠨ ᠦᠭᠡᠢ ᠠᠴᠠ ᠪᠣᠯᠵᠤ ᠡ᠊ᠨᠳᠡᠯ ᠢ | ᠥᠷᠭᠡᠳᠬᠡᠭᠰᠡᠨ ᠪᠤᠶᠤ ᠤᠯᠠᠨ ᠳᠦᠮᠡᠨᠴᠢ ᠴᠢᠨᠠᠷᠲᠠᠢ ᠬᠡᠷᠡᠭ ᠢ ᠡᠭᠦᠰᠬᠡᠭᠰᠡᠨ᠃ | ︵ᠳᠥᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ | ᠠᠵᠢᠯᠴᠢᠨ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠵᠤ᠂ ᠰᠢᠢᠳᠬᠡᠯ ᠣᠯᠣᠭᠰᠠᠨ | ᠃ | ︵ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠠᠯᠳᠠᠭᠰᠠᠨ | ᠠᠴᠠ ᠪᠣᠯᠵᠤ ᠨᠠᠵᠠᠭᠠᠢ ᠲᠠᠯ᠎ᠠ ᠶᠢᠨ ᠨᠡᠶᠢᠭᠡᠮ ᠤᠨ ᠨᠥᠯᠥᠭᠡ ᠭᠠᠷᠭᠠᠭᠰᠠᠨ᠃ | ︵ᠵᠢᠷᠭᠤᠭ᠎ᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ | ᠠᠯᠳᠠᠭᠰᠠᠨ ᠠᠴᠠ ᠪᠣᠯᠵᠤ ᠤᠯᠠᠨ ᠳᠦᠮᠡᠨᠴᠢ ᠴᠢᠨᠠᠷᠲᠠᠢ ᠬᠡᠷᠡᠭ ᠡᠭᠦᠰᠦᠭᠰᠡᠨ᠃ | ︵ᠳᠣᠯᠤᠭ᠎ᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠠᠯᠳᠠᠭᠰᠠᠨ | ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠤᠰᠤᠳ ᠪᠠᠶᠢᠳᠠᠯ᠃ | ︵ᠨᠠᠢᠮᠠ︶ ᠥᠮᠴᠢᠲᠡᠨ ᠤ ᠵᠥᠪᠯᠡᠯ ᠵᠢᠴᠢ ᠲᠡᠭᠦᠨ ᠤ ᠪᠦᠷᠢᠯᠳᠦᠭᠦᠨ ᠨᠢ ᠠᠳᠠᠯ ᠠᠬᠤᠢ ᠶᠢᠨ ᠬᠠᠮᠢᠶᠠᠷᠤᠯᠲᠠ ᠳᠤ | ᠣᠷᠣᠯᠴᠠᠬᠤ ᠶᠠᠪᠤᠴᠠ ᠳᠤ ᠡᠷᠬᠡ ᠪᠠᠨ ᠠᠰᠢᠭᠯᠠᠨ ᠠᠮᠢ ᠪᠠᠨ ᠪᠣᠷᠳᠣᠵᠤ᠂ ᠪᠤᠰᠤᠳ ᠲᠤ ᠵᠦᠢ ᠪᠤᠰᠤ ᠠᠰᠢᠭ ᠲᠤᠰᠠ | ᠣᠯᠭᠤᠭᠰᠠᠨ ᠪᠠᠶᠢᠳᠠᠯ ᠣᠷᠣᠰᠢᠵᠤ ᠪᠠᠶᠢᠬᠤ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨᠲ᠋ᠦ᠋ᠷᠢᠮ | ᠠᠷᠪᠠᠨ ᠲᠠᠪᠤᠳᠤᠭᠠᠷ ᠵᠦᠢᠯ ᠳᠣᠰ ᠠᠷᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠵᠢᠨᠪᠦ᠋ᠳᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠵᠢᠷᠭᠤᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠰᠢᠯᠭᠠᠨ ᠬᠢᠨᠠᠵᠤ ᠱᠠᠩᠨᠠᠬᠤ ᠳᠤ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠨᠢᠭᠡ ᠵᠢᠯ ᠪᠣᠯᠣᠨ᠎ᠠ᠃ | 2024ᠣᠨ ᠤ 11 ᠰᠠᠷ᠎ᠠ ᠶᠢᠨ 19 ᠤ ᠡᠳᠦᠷ | | | | | | | | | | |