ᠰᠤᠷᠪᠤᠯᠵᠢᠯᠠᠭᠴᠢ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠠᠶᠢᠮᠠᠭ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ | ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠤᠰ ᠲᠤᠰ 72.13 ᠲᠦᠮᠡ᠂ 15.06 ᠲᠦᠮᠡᠨ | ᠬᠥᠮᠥᠨ ᠪᠠ 12.5 ᠲᠦᠮᠡᠨ ᠬᠥᠮᠥᠨ ᠳᠤ ᠬᠦᠷᠴᠡᠢ᠃ | 2023 ᠣᠨ ᠳᠤ ᠡᠯ᠎ᠡ ᠲᠥᠷᠥᠯ ᠤᠨ ᠬᠠᠷᠠᠭᠠᠯᠵᠠᠯ ᠭᠥᠷᠳᠡᠬᠦ ᠬᠥᠮᠥᠰ ᠲᠤ ᠨᠡᠶᠢᠲᠡ 57.76 ᠳ᠋ᠦᠩᠰᠢᠭᠤᠷ | ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠥᠭᠴᠦ᠂ | ᠣᠨᠴᠠ ᠬᠦᠴᠢᠷᠳᠡᠯᠲᠡᠢ ᠬᠥᠮᠥᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ 272.59 ᠲᠦᠮᠡᠨ ᠲᠥᠭᠦᠷᠢᠭ ᠣᠷᠣᠯᠠᠨ ᠲᠤᠰᠢᠶᠠᠵᠤ ᠥᠭᠴᠡᠢ᠃ | 2023 ᠣᠨ ᠳᠤ᠂ ᠮᠠᠨ ᠤ ᠠᠶᠢᠮᠠᠭ ᠳᠦᠷᠢᠮ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠬᠤ ᠶᠢ | ᠪᠠᠷᠢᠮᠲᠠᠯᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠣᠯᠭᠤᠬᠤ ᠲᠤᠷᠰᠢᠯᠲᠠ ᠶᠢᠨ ᠴᠡᠭ ᠤᠨ | ᠠᠵᠢᠯ ᠢ ᠤᠷᠢᠳᠠᠪᠠᠷ ᠥᠷᠨᠢᠭᠦᠯᠵᠦ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠠᠷ | ᠲᠤᠷᠰᠢᠯᠲᠠ ᠶᠢᠨ ᠴᠡᠭ ᠪᠣᠯᠭᠠᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠢ ᠳᠠᠪᠠᠭᠰᠠᠨ 50 ᠭᠠᠴᠠᠭ᠎ᠠ ᠶᠢ ᠳᠠᠶᠢᠴᠢᠯᠠᠨ ᠨᠥᠬᠦᠪᠦᠷᠢ ᠣᠯᠭᠤᠬᠤ ᠶᠢᠨ | ᠬᠠᠮᠲᠤ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠲᠠᠢ ᠬᠦᠴᠦ ᠪᠠᠨ | ᠬᠠᠮᠲᠤᠳᠬᠠᠨ ᠠᠵᠢᠯ ᠢᠶᠠᠨ ᠠᠬᠢᠭᠤᠯᠪᠠ᠃ ᠣᠳᠣᠬᠠᠨ ᠳᠤ᠂ ᠲᠤᠷᠰᠢᠯᠲᠠ ᠶᠢᠨ ᠭᠠᠵᠠᠷ ᠣᠷᠣᠨ ᠤ 18 ᠭᠠᠴᠠᠭ᠎ᠠ ᠳᠤ | ᠨᠢᠭᠡᠨᠲᠡ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠭᠲᠠᠭᠠᠵᠤ᠂ 3000 ᠭᠠᠷᠤᠢ ᠬᠥᠮᠥᠨ ᠳᠤ ᠬᠤᠯᠪᠣᠭᠳᠠᠵᠠᠢ᠂ ᠡᠭᠦᠨ ᠳᠤ | ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤ ᠶᠢᠨ ᠪᠠᠶᠠᠨᠬᠦ᠋ᠭᠡᠪᠦᠷ ᠭᠠᠴᠠᠭ᠎ᠠ ᠬᠠᠮᠲᠤ ᠶᠢᠨ ᠠᠵᠤ ᠠᠬᠤᠢ ᠶᠢᠨ | ᠤᠷᠤᠯᠭ᠎ᠠ ᠠᠴᠠ ᠪᠠᠨ 152 ᠬᠥᠮᠥᠨ ᠳᠤ 15200 ᠲᠥᠭᠦᠷᠢᠭ ᠤᠨ ᠨᠥᠬᠦᠪᠦᠷᠢ ᠣᠯᠭᠤᠬᠤ ᠶᠢ ᠪᠡᠶᠡᠯᠡᠭᠦᠯᠵᠡᠢ᠃ | ᠬᠢᠯᠢ ᠬᠢᠵᠠᠭᠠᠷ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠢᠯᠢ ᠶᠢᠨ ᠭᠤᠣᠯ ᠠᠶᠢᠮᠠᠭ ᠤᠨ ᠬᠢᠯᠢ ᠬᠢᠵᠠᠭᠠᠷ ᠣᠷᠣᠨ ᠤ | 2023 - 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠲᠥᠯᠥᠪᠯᠡᠭᠡ︾ ᠶᠢ ᠨᠡᠶᠢᠲᠡᠯᠡᠵᠦ᠂ ᠬᠢᠯᠢ ᠬᠢᠵᠠᠭᠠᠷ ᠣᠷᠣᠨ ᠤ | ᠭᠤᠷᠪᠠᠨ ᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠵᠢᠱᠢᠶ᠎ᠡ ᠦᠵᠡᠭᠦᠯᠬᠦ ᠰᠤᠮᠤ᠂ ᠵᠢᠱᠢᠶ᠎ᠡ ᠦᠵᠡᠭᠦᠯᠭᠦ ᠭᠠᠴᠠᠭ᠎ᠠ ᠶᠢ ᠡᠭᠦᠳᠦᠨ | ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠡᠪᠴᠢᠶ᠎ᠡ ᠶᠢ ᠨᠠᠷᠢᠯᠢᠭ ᠤᠨᠤᠪᠴᠢᠳᠠᠢ ᠥᠷᠭᠡᠳᠬᠡᠬᠦ ᠶᠢ ᠠᠬᠢᠭᠤᠯᠵᠤ᠂ | ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 14.31 ᠲᠦᠮᠡ | ᠪᠠ 2.74 ᠲᠦᠮᠡ ᠳᠤ ᠬᠦᠷᠴᠡᠢ᠃ | |