ᠣᠶᠢᠷ᠎ᠠ ᠶᠢᠨ ᠵᠢᠯ ᠳᠤ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠲᠤ ᠠᠵᠢᠯ ᠣᠯᠭᠤᠬᠤ | ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠤ ᠦᠢᠯᠡᠰ ᠤᠨ ᠦᠢᠯᠡᠳᠦᠯ᠂ ᠭᠥᠯᠢᠶᠡᠨ ᠠᠪᠴᠤ ᠠᠵᠢᠯ ᠣᠯᠭᠤᠬᠤ᠂ | ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ᠂ ᠣᠨᠴᠠᠯᠢᠭᠲᠤ ᠨᠠᠷᠠᠲᠤ ᠲᠡᠮᠳᠡᠭ ᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠡᠮᠳᠡᠭᠴᠦᠳ ᠤᠨ ᠭᠦᠢᠴᠡᠳ ᠠᠵᠢᠯ ᠣᠯᠬᠤ ᠶᠢ ᠠᠬᠢᠭᠤᠯᠪᠠ᠃ ᠥᠩᠭᠡᠷᠡᠬᠦ ᠵᠢᠯ᠂ ᠪᠥᠬᠦ ᠠᠶᠢᠮᠠᠭ ᠤᠨ ᠬᠢᠨ | 465 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 125.07% ᠳᠤ | ᠬᠥᠷᠪᠡ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ | ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠨᠠᠶᠢᠳᠠᠨ ᠮᠠᠯᠵᠢᠭᠤᠯᠵᠤ ᠨᠠᠶᠢᠳᠠᠨ ᠬᠠᠮᠢᠶᠠᠷᠤᠭᠤᠯᠬᠤ 4 | ᠲᠥᠷᠥᠯ ᠵᠦᠢᠯ ᠢ ᠲᠤᠷᠰᠢᠨ ᠥᠷᠨᠢᠭᠦᠯᠵᠦ᠂ ᠲᠤᠬᠠᠢ ᠶᠢᠨ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ᠂ ᠲᠡᠵᠢᠭᠡᠨ | ᠦᠷᠡᠵᠢᠭᠦᠯᠬᠦ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠠᠴᠠ ᠵᠡᠮᠳᠡᠭᠴᠦᠳ ᠲᠠᠢ ᠮᠠᠯ ᠤᠨᠤᠭ᠎ᠠ ᠶᠢ ᠨᠠᠶᠢᠳᠠᠨ | ᠮᠠᠯᠵᠢᠭᠤᠯᠵᠤ ᠨᠠᠶᠢᠳᠠᠨ ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ ᠵᠢᠯ ᠤᠨ ᠡᠴᠦᠰ ᠲᠤ ᠣᠷᠣᠭᠤᠯᠤᠭᠰᠠᠨ | ᠦᠢᠯᠡᠳᠪᠦᠷᠢᠯᠡᠯ ᠤᠨ ᠬᠡᠷᠡᠭᠰᠡᠯ ᠤᠨ ᠡᠬᠡ ᠮᠥᠩᠭᠦ ᠶᠢᠨ 20% -25% ᠪᠠᠷ ᠠᠰᠢᠭ ᠬᠤᠪᠢᠶᠠᠷᠢᠯᠠᠬᠤ ᠠᠷᠭ᠎ᠠ ᠬᠡᠯᠪᠡᠷᠢ ᠶᠢ | ᠠᠪᠴᠤ᠂ ᠨᠡᠶᠢᠲᠡ 55 ᠵᠡᠮᠳᠡᠭ ᠬᠥᠮᠥᠨ ᠨᠠᠶᠢᠳᠠᠨ ᠮᠠᠯᠵᠢᠭᠤᠯᠵᠤ ᠨᠠᠶᠢᠳᠠᠨ ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ | ᠵᠢᠯ ᠳᠤ ᠬᠥᠮᠥᠨ ᠳᠤᠮᠳᠠᠴᠢ ᠶᠢᠨ ᠣᠷᠣᠯᠭ᠎ᠠ ᠪᠠᠨ 3000 ᠭᠠᠷᠤᠢ ᠲᠥᠭᠦᠷᠢᠭ ᠨᠡᠮᠡᠭᠳᠡᠭᠦᠯᠵᠡᠢ᠃ ᠠᠶᠢᠮᠠᠭ ᠤᠨ | ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠰᠠ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ | ᠭᠠᠵᠠᠷ ᠲᠠᠢ ᠲᠤᠷᠰᠢᠨ ᠬᠠᠮᠲᠤᠷᠠᠯᠴᠠᠵᠤ᠂ 35 ᠵᠡᠮᠳᠡᠭᠴᠦᠳ ᠤᠨ ᠬᠦᠷᠢᠶᠡᠯᠡᠩ ᠲᠣᠭᠤᠷᠢᠭ ᠤᠨ ᠠᠵᠤ ᠠᠬᠤᠢ ᠶᠢ | ᠬᠥᠭᠵᠢᠭᠦᠯᠬᠦ ᠶᠢ ᠳᠡᠮᠵᠢᠵᠦ᠂ ᠵᠢᠯ ᠳᠤ ᠬᠥᠮᠥᠨ ᠳᠤᠮᠳᠠᠴᠢ ᠶᠢᠨ ᠤᠷᠤᠯᠭ᠎ᠠ ᠶᠢ 6000 ᠭᠠᠷᠤᠢ ᠲᠥᠭᠦᠷᠢᠭ ᠨᠡᠮᠡᠭᠳᠡᠭᠦᠯᠵᠡᠢ᠃ | ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠨᠡᠶᠢᠲᠡ 298 ᠲᠦᠮᠡᠨ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 81 ᠵᠡᠮᠳᠡᠭᠴᠦᠳ ᠲᠤ ᠠᠵᠢᠯ ᠣᠯᠭᠤᠵᠤ᠂ | ᠠᠵᠤ ᠦᠢᠯᠡᠰ ᠢᠶᠠᠷ ᠳᠠᠮᠵᠢᠨ 122 ᠵᠡᠮᠳᠡᠭᠴᠦᠳ ᠲᠤ ᠲᠤᠰᠠᠯᠠᠮᠵᠢ ᠦᠵᠡᠭᠦᠯᠵᠡᠢ᠃ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ | ᠵᠡᠮᠳᠡᠭᠴᠦᠳ ᠲᠤ ᠠᠵᠢᠯ ᠣᠯᠭᠤᠬᠤ᠂ ᠬᠤᠲᠠ ᠪᠠᠯᠭᠠᠰᠤᠨ ᠤ ᠵᠡᠮᠳᠡᠭᠴᠦᠳ ᠲᠤ ᠳᠡᠮᠵᠢᠯᠭᠡ ᠶᠢᠨ ᠴᠢᠨᠠᠷᠲᠠᠢ ᠠᠵᠢᠯ ᠣᠯᠭᠤᠬᠤ | ᠲᠠᠯᠠᠪᠤᠷ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠲᠤ ᠠᠵᠢᠯ ᠤᠨ ᠪᠠᠶᠢᠷᠢ ᠬᠠᠩᠭᠠᠪᠠ᠃ | ᠣᠳᠣᠬᠠᠨ ᠪᠣᠯᠲᠠᠯ᠎ᠠ᠂ ᠪᠦᠬᠦ ᠠᠶᠢᠮᠠᠭ ᠤᠨ 93 ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ 319 ᠵᠡᠮᠳᠡᠭᠴᠦᠳ ᠲᠤ ᠠᠵᠢᠯ ᠣᠯᠭᠤᠵᠤ᠂ 131 ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠲᠠᠶᠢᠴᠢᠯᠠᠨ 298 ᠵᠡᠮᠳᠡᠭᠴᠦᠳ ᠲᠤ ᠠᠵᠢᠯ ᠣᠯᠭᠤᠵᠠᠢ᠂ ᠡᠭᠦᠨ ᠠᠴᠠ ᠭᠠᠳᠠᠨ᠎ᠠ᠂ 270 | ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠬᠤᠳᠠ ᠪᠠᠯᠭᠠᠰᠤᠨ ᠤ ᠵᠡᠮᠳᠡᠭᠴᠦᠳ ᠤᠨ ᠳᠡᠮᠵᠢᠯᠭᠡ ᠶᠢᠨ ᠴᠢᠨᠠᠷᠲᠠᠢ | ᠠᠵᠢᠯ ᠣᠯᠭᠤᠯᠲᠠ ᠶᠢᠨ ᠲᠠᠯᠠᠪᠤᠷ ᠭᠠᠵᠠᠷ 10 ᠶᠢ ᠪᠠᠶᠢᠭᠤᠯᠵᠤ᠂ ᠨᠡᠶᠢᠳᠡ 147 ᠵᠡᠮᠳᠡᠭᠴᠦᠳ ᠢ ᠲᠣᠬᠢᠷᠠᠭᠤᠯᠤᠨ ᠠᠵᠢᠯ | ᠣᠯᠭᠤᠵᠠᠢ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ | ᠬᠠᠮᠲᠤᠷᠠᠨ ᠵᠡᠮᠳᠡᠭ ᠣᠶᠤᠲᠠᠳ ᠲᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ | ᠰᠢᠯᠢ ᠶᠢᠨ ᠭᠤᠣᠯ ᠠᠶᠢᠮᠠᠭ ᠤᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠥᠪᠡᠭᠡᠲᠦ ᠰᠢᠷ᠎ᠠ | ᠬᠤᠰᠢᠭᠤᠨ ᠤ ᠴᠠᠭᠠᠨ ᠢᠳᠡᠭᠡ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠤᠷᠪᠠᠳᠠᠭᠢ ᠡᠲᠡᠭᠡᠳ ᠲᠠᠢ ᠬᠠᠮᠲᠤᠷᠠᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ | ᠪᠣᠯᠪᠠᠰᠤᠷᠠᠯ ᠳᠤ ᠤᠷᠤᠯᠴᠠᠬᠰᠠᠨ ᠨᠣᠷᠮ᠎ᠠ 100% ᠳᠤ ᠬᠦᠷᠪᠡ᠃ ᠡᠭᠦᠨ ᠠᠴᠠ ᠭᠠᠳᠠᠨ᠎ᠠ᠂ ᠠᠶᠢᠮᠠᠭ ᠤᠨ ᠵᠡᠮᠳᠡᠭᠴᠦᠳ ᠲᠤ | ᠠᠵᠢᠯ ᠣᠯᠭᠤᠵᠤ ᠦᠢᠯᠡᠰ ᠪᠣᠰᠬᠠᠬᠤ ᠬᠥᠪᠥᠷᠡᠭᠦᠯᠬᠦ ᠬᠦᠷᠢᠶᠡᠯᠡᠩ ᠲᠣᠭᠤᠷᠢᠭ ᠢᠶᠠᠷ ᠲᠦᠰᠢᠭ ᠪᠣᠯᠭᠠᠵᠤ᠂ ᠵᠡᠮᠳᠡᠭ ᠦᠢᠯᠡᠰ | ᠪᠣᠰᠬᠠᠭᠴᠢ ᠠᠴᠠ ᠲᠣᠭᠲᠠᠭᠰᠠᠨ ᠬᠤᠭᠤᠴᠠᠭᠠᠨ ᠳᠤ ᠭᠡᠷ ᠤᠨ ᠲᠦᠷᠢᠶᠡᠰᠦ ᠠᠪᠬᠤ ᠦᠭᠡᠢ ᠮᠥᠷᠲᠡᠭᠡᠨ ᠦᠢᠯᠡᠰ ᠪᠣᠰᠬᠠᠬᠤ | ᠨᠥᠬᠦᠪᠦᠷᠢ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠨᠢᠳᠤᠨᠤᠨ ᠨᠡᠶᠢᠲᠡ 19 ᠵᠡᠮᠳᠡᠭᠴᠦᠳ ᠢ ᠲᠣᠬᠢᠷᠠᠭᠤᠯᠤᠨ | ᠠᠵᠢᠯ ᠣᠯᠭᠤᠵᠠᠢ᠃ | |