ᠣᠶᠢᠷ᠎ᠠ ᠳᠤ ᠶᠠᠪᠤᠭᠳᠠᠭᠰᠠᠨ 2024 ᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠶᠠᠷᠢᠶᠠᠨ ᠤ ᠲᠠᠪᠴᠠᠩ | ᠳᠡᠭᠡᠷ᠎ᠡ᠂ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠠᠴᠠ ︽2024 ᠣᠨ ᠤ ᠲᠣᠭᠠᠴᠢᠯᠠᠭᠰᠠᠨ ᠵᠠᠰᠠᠭ ᠤᠨ | ᠣᠷᠳᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠬᠢᠭᠡᠳ ᠦᠢᠯᠡᠳᠦᠯᠭᠡ ᠶᠢᠨ ᠵᠢᠱᠢᠶ᠎ᠡ ᠳᠤ ᠰᠣᠩᠭᠤᠭᠳᠠᠭᠰᠠᠨ ᠲᠤᠬᠠᠢ | ᠲᠣᠭᠲᠠᠭᠠᠯ︾ ᠢ ᠨᠡᠶᠢᠲᠡᠯᠡᠵᠦ᠂ ᠮᠠᠨ ᠤ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠦᠯᠦᠭᠰᠡᠨ ︽ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠵᠦ ᠬᠠᠮᠲᠤ ᠪᠠᠷ ᠡᠳ᠋ᠯᠡᠬᠦ ᠨᠡᠭᠡᠭᠡᠯᠲᠡᠲᠤ ᠬᠡᠷᠡᠭᠯᠡᠭᠡᠨ ᠤ ᠰᠢᠨ᠎ᠡ ᠶᠢ ᠡᠭᠦᠳᠦᠭᠰᠡᠨ | ᠵᠢᠱᠢᠶ᠎ᠡ︾ ᠨᠢ ︽2024 ᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ | ᠲᠥᠷᠥᠯ︾ ᠤᠨ ᠨᠡᠶᠢᠲᠡᠯᠢᠭ ᠵᠢᠱᠢᠶ᠎ᠡ ᠳᠤ ᠠᠮᠵᠢᠯᠲᠠ ᠲᠠᠢ ᠪᠠᠷ ᠰᠣᠩᠭᠤᠭᠳᠠᠵᠠᠢ᠃ | ᠮᠠᠨ ᠤ ᠠᠶᠢᠮᠠᠭ ᠠᠶᠢᠮᠠᠭ ᠬᠤᠰᠢᠭᠤ ᠬᠤᠶᠠᠷ ᠱᠠᠲᠤᠨ ᠤ ᠡᠭᠦᠯᠡᠨ ᠡᠬᠢ ᠪᠠᠶᠠᠯᠢᠭ ᠤᠨ ᠲᠥᠪ ᠪᠠ ᠠᠶᠢᠮᠠᠭ ᠬᠤᠰᠢᠭᠤ | ᠰᠢᠶᠠᠨ ᠤ ᠬᠡᠪᠴᠢᠶᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠳᠤ ᠲᠦᠰᠢᠭᠯᠡᠨ᠂ ︽4+2︾ ᠤᠨ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠨᠡᠭᠡᠭᠡᠯᠲᠡᠲᠤ ᠲᠠᠪᠴᠠᠩ ᠤᠨ ᠰᠢᠰᠲ᠋ᠧᠮ ᠢ ᠪᠥᠬᠦ ᠣᠷᠣᠨ ᠳᠤ ᠤᠷᠢᠳ ᠢᠶᠠᠷ ᠪᠠᠶᠢᠭᠤᠯᠵᠤ᠂ 63 ᠰᠠᠯᠠᠭ᠎ᠠ | ᠮᠥᠴᠢᠷ ᠤᠨ 1711 ᠲᠥᠷᠥᠯ ᠤᠨ 17.36 ᠳ᠋ᠦᠩᠰᠢᠭᠤᠷ ᠵᠤᠷᠪᠤᠰ ᠲᠤᠭ᠎ᠠ ᠪᠠᠷᠢᠮᠲᠠ ᠶᠢ ᠨᠡᠶᠢᠳᠬᠡᠪᠡ᠃ ᠣᠷᠣᠨ ᠤ | ᠰᠢᠭᠤᠳ ᠬᠠᠷᠢᠶ᠎ᠠ 13 ᠰᠠᠯᠠᠭ᠎ᠠ ᠮᠥᠴᠢᠷ ᠤᠨ 34 ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠠᠪᠲᠠᠷᠡᠭᠦᠯᠵᠦ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠶᠢᠮᠠᠭ ᠤᠨ ᠱᠠᠲᠤᠨ ᠤ | ᠥᠪᠡᠰᠦᠪᠡᠨ ᠪᠠᠶᠢᠭᠤᠯᠤᠭᠰᠠᠨ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠲᠠᠪᠴᠠᠩ ᠬᠢᠭᠡᠳ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠲᠠᠪᠴᠠᠩ ᠢ ᠴᠥᠮ ᠨᠡᠶᠢᠳᠬᠡᠵᠦ ᠬᠤᠯᠪᠤᠭᠠᠯᠠᠨ ᠨᠡᠪᠲᠡᠷᠡᠭᠦᠯᠬᠦ ᠶᠢ ᠪᠡᠶᠡᠯᠡᠭᠦᠯᠵᠦ᠂ ᠤᠯᠤᠰ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠰᠢᠰᠲ᠋ᠧᠮ ᠢ ᠪᠦᠷᠢᠯᠳᠦᠭᠦᠯᠪᠡ᠃ | ︽4+2︾ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠡᠭᠡᠭᠡᠯᠲᠡᠲᠤ ᠲᠠᠪᠴᠠᠩ ᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠶᠢᠳᠬᠡᠵᠦ ᠬᠠᠮᠲᠤ ᠪᠠᠷ ᠡᠳ᠋ᠯᠡᠬᠦ ᠨᠡᠭᠡᠭᠡᠯᠲᠡᠲᠤ ᠬᠡᠷᠡᠭᠯᠡᠭᠡᠨ ᠤ ᠰᠢᠨ᠎ᠡ ᠶᠢ | ᠡᠭᠦᠳᠦᠭᠰᠡᠨ ᠨᠢ ᠮᠠᠨ ᠤ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ | ᠣᠯᠣᠭᠰᠠᠨ ᠪᠣᠳᠠᠲᠠᠢ ᠦᠷ᠎ᠡ ᠪᠦᠲᠦᠮᠵᠢ ᠶᠢᠨ ᠨᠢᠭᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ | ᠠᠶᠢᠮᠠᠭ ᠤᠨ ᠲᠣᠭᠠᠴᠢᠯᠠᠭᠰᠠᠨ᠂ ᠣᠶᠤᠨᠴᠢᠯᠠᠭᠰᠠᠨ ᠵᠠᠰᠠᠭ ᠤᠨ ᠣᠷᠳᠣᠨ ᠤ ᠠᠵᠢᠯᠯᠠᠭᠠᠨ ᠤ ᠰᠢᠨ᠎ᠡ ᠬᠡᠯᠪᠡᠷᠢ ᠪᠠᠶᠢᠳᠠᠯ ᠢ ᠪᠣᠶ | ᠪᠣᠯᠭᠠᠪᠠ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ | ᠰᠣᠯᠢᠯᠴᠠᠬᠤ ᠲᠠᠪᠴᠠᠩ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ 2.8 ᠳ᠋ᠦᠩᠰᠢᠭᠤᠷ ᠭᠠᠷᠤᠢ ᠵᠤᠷᠪᠤᠰ | ᠲᠤᠭ᠎ᠠ ᠪᠠᠷᠢᠮᠲᠠ ᠶᠢ ᠴᠤᠭᠯᠠᠭᠤᠯᠵᠤ᠂ ᠨᠡᠶᠢᠲᠡ 48 ᠰᠠᠯᠠᠭ᠎ᠠ ᠮᠥᠴᠢᠷ ᠤᠨ 626 ᠲᠥᠷᠥᠯ ᠤᠨ 207 ᠲᠦᠮᠡ ᠭᠠᠷᠤᠢ | ᠵᠤᠷᠪᠤᠰ ᠲᠤᠭ᠎ᠠ ᠪᠠᠷᠢᠮᠲᠠ ᠶᠢ ᠨᠡᠶᠢᠲᠡᠯᠡᠨ᠂ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠪᠠᠶᠢᠳᠠᠯ 91.31 ᠲᠦᠮᠡ | ᠭᠠᠷᠤᠢ ᠤᠳᠠᠭ᠎ᠠ ᠪᠠᠶᠢᠵᠤ᠂ 179 ᠲᠥᠷᠥᠯ ᠤᠨ 18 ᠲᠦᠮᠡ ᠭᠠᠷᠤᠢ ᠵᠤᠷᠪᠤᠰ ᠲᠤᠭ᠎ᠠ ᠪᠠᠷᠢᠮᠲᠠ ᠶᠢ ᠨᠡᠭᠡᠭᠡᠯᠲᠡ ᠲᠠᠢ | ᠪᠣᠯᠭᠠᠪᠠ᠃ | ᠲᠣᠭᠠᠴᠢᠯᠠᠭᠰᠠᠨ ᠠᠵᠤ ᠠᠬᠤᠢ ᠶᠢᠨ ᠡᠯ᠎ᠡ ᠬᠦᠷᠢᠶᠡᠨ ᠳᠤ ᠲᠦᠷᠭᠡᠨ ᠨᠡᠪᠴᠢᠬᠦ ᠶᠢ ᠳᠠᠭᠠᠯᠳᠤᠨ᠂ ᠮᠠᠨ ᠤ ᠤᠯᠤᠰ ᠤᠨ | ᠤᠮᠠᠷᠠᠲᠤ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠯᠪᠠᠰᠤᠷᠠᠭᠤᠯᠵᠦ ᠭᠠᠳᠠᠭᠰᠢ ᠭᠠᠷᠭᠠᠬᠤ | ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠮᠠᠨ ᠤ ᠠᠶᠢᠮᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠮᠠᠯ ᠠᠵᠤ ᠠᠬᠤᠢ ᠳᠤ ᠬᠦᠴᠦᠨ ᠨᠡᠮᠡᠷᠢᠯᠡᠵᠦ ᠪᠤᠢ᠃ ᠥᠪᠥᠷ ᠮᠣᠩᠭᠤᠯ ᠤᠨ ᠢ ᠮᠦ ᡁᠢ ᠯᠢᠶᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠮᠥᠩᠭᠦᠨ ᠭᠦᠢᠯᠭᠡᠭᠡ︾ ᠪᠠᠷ | ᠲᠣᠰ ᠭᠠᠵᠠᠷ ᠣᠷᠣᠨ ᠤ ᠪᠠᠨ ᠮᠠᠯ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠮᠠᠯ ᠠᠵᠤ ᠠᠬᠤᠢ ᠶᠢᠨ | ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ ᠲᠡᠵᠢᠭᠡᠨ ᠦᠷᠡᠵᠢᠭᠦᠯᠬᠦ ᠡᠷᠦᠬᠡ ᠳᠤ | ᠮᠡᠷᠭᠡᠵᠢᠯ᠂ ᠡᠵᠡᠩᠨᠡᠨ ᠪᠣᠷᠣᠯᠠᠭᠤᠯᠤᠯᠲᠠ ᠪᠠ ᠮᠥᠩᠭᠦᠨ ᠭᠦᠢᠯᠭᠡᠭᠡ ᠵᠡᠷᠭᠡ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ | ᠣᠳᠣᠬᠠᠨ ᠪᠣᠯᠲᠠᠯ᠎ᠠ᠂ ᠲᠣᠰ ᠺᠣᠮᠫᠠᠨᠢ ᠨᠡᠶᠢᠲᠡ 18420 ᠮᠠᠯᠴᠢᠨ ᠲᠠᠷᠢᠶᠠᠴᠢᠨ ᠡᠷᠦᠬᠡ᠂ 10 ᠪᠣᠷᠳᠣᠨ ᠲᠠᠷᠭᠤᠯᠠᠭᠤᠯᠬᠤ | ᠠᠵᠤ ᠠᠬᠤᠶᠢᠯᠠᠯ᠂ 47 ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠳᠤ ᠦᠢᠯᠡᠴᠢᠯᠡᠵᠦ᠂ ᠲᠡᠵᠢᠭᠡᠨ | ᠦᠷᠡᠵᠢᠭᠦᠯᠬᠦ ᠡᠷᠦᠬᠡ ᠪᠦᠷᠢ ᠶᠢᠨ ᠥᠪᠡᠷ ᠤᠨ ᠥᠷᠲᠡᠭ ᠢ ᠳᠤᠮᠳᠠᠴᠢ ᠪᠠᠷ 1.6 ᠲᠦᠮᠡᠨ ᠲᠥᠭᠦᠷᠢᠭ ᠪᠠᠭᠤᠷᠠᠭᠤᠯᠵᠤ᠂ 2 | ᠲᠦᠮᠡᠨ ᠲᠥᠭᠦᠷᠢᠭ ᠤᠨ ᠦᠷ᠎ᠡ ᠠᠰᠢᠭ ᠢ ᠨᠡᠮᠡᠭᠳᠡᠭᠦᠯᠵᠡᠢ᠃ | ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠵᠡᠷᠭᠡ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠠᠴᠢᠯᠠᠭᠰᠠᠨ᠂ ᠣᠶᠤᠨᠴᠢᠯᠠᠭᠰᠠᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠵᠦ᠂ ᠠᠷᠠᠳ ᠣᠯᠠᠨ ᠳᠤ ᠨᠡᠶᠢᠳᠡᠮ ᠠᠰᠢᠭ ᠬᠦᠷᠲᠡᠭᠡᠵᠦ ᠪᠠᠶᠢᠨ᠎ᠠ᠃ ᠪᠥᠬᠦ ᠠᠶᠢᠮᠠᠭ ᠤᠨ ᠬᠢᠨ ᠡᠷᠡᠭᠦᠯ ᠮᠡᠨᠳᠦ ᠶᠢᠨ | ᠦᠨᠡᠮᠯᠡᠯ ᠵᠡᠷᠭᠡ 252 ᠲᠥᠷᠥᠯ ᠤᠨ 158 ᠲᠦᠮᠡᠨ ᠦᠨᠡᠮᠯᠡᠯ ᠢ ᠪᠡᠶᠡᠯᠡᠭᠦᠯᠵᠦ᠂ 472 ᠵᠦᠢᠯ ᠤᠨ ᠤᠴᠢᠷ ᠶᠠᠪᠤᠳᠠᠯ ᠢ | ︽ᠰᠦᠯᠵᠢᠶᠡᠨ ᠳᠡᠭᠡᠷ᠎ᠡ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠡᠢ᠃ |