ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠬᠢᠯᠭᠠᠨ ᠮᠡᠳᠡᠭᠡ 12 ᠰᠠᠷ᠎ᠠ ᠶᠢᠨ 3 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠡᠯᠡᠬᠡᠢ ᠶᠢᠨ ᠤᠯᠠᠮᠵᠢᠯᠠᠯᠲᠤ ᠡᠮ ᠡᠮᠨᠡᠯᠭᠡ ᠶᠢᠨ ᠶᠡᠭᠡ | ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠤᠯᠠᠮᠵᠢᠯᠠᠯᠲᠤ ᠡᠮ ᠡᠮᠨᠡᠯᠭᠡ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠨ ᠪᠦᠲᠦᠭᠡᠯᠲᠡ ᠶᠢᠨ | ᠦᠷ᠎ᠡ ᠪᠦᠲᠦᠭᠡᠯ ᠮᠥᠨ᠂ ᠦᠶ᠎ᠡ ᠶᠢᠨ ᠦᠶ᠎ᠡ ᠳᠡᠭᠡᠨ ᠰᠠᠬᠢᠨ ᠬᠠᠮᠠᠭᠠᠯᠠᠵᠤ᠂ ᠣᠬᠢ ᠰᠣᠳᠣ ᠶᠢ ᠨᠢ ᠤᠯᠠᠮᠵᠢᠯᠠᠬᠤ ᠴᠢᠬᠤᠯᠠᠲᠠᠢ | ᠪᠥᠭᠡᠳ ᠴᠠᠭ ᠦᠶ᠎ᠡ ᠶᠢ ᠲᠠᠭᠠᠨ ᠪᠥᠬᠦ ᠲᠠᠯ᠎ᠠ ᠪᠠᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ | ᠴᠢᠬᠤᠯᠠᠲᠠᠢ ᠶᠤᠮ᠃ ᠬᠢᠲᠠᠳ ᠡᠮ ᠡᠮᠨᠡᠯᠭᠡ ᠨᠢ ᠤᠯᠠᠮᠵᠢᠯᠠᠯᠲᠤ ᠡᠮ ᠡᠮᠨᠡᠯᠭᠡ ᠶᠢᠨ ᠰᠢᠯᠭᠠᠷᠠᠭᠰᠠᠨ ᠲᠥᠯᠥᠭᠡᠯᠡᠭᠴᠢ | ᠪᠣᠯᠤᠭᠰᠠᠨ ᠤ ᠬᠤᠪᠢ ᠳᠤ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ᠃ ᠳᠤᠮᠳᠠᠳᠤ ᠤᠯᠤᠰ ᠢᠮᠠᠭᠲᠠ ᠣᠳᠣ | ᠦᠶ᠎ᠡ ᠶᠢᠨ ᠡᠮ ᠡᠮᠨᠡᠯᠭᠡ ᠪᠣᠯᠣᠨ ᠤᠯᠠᠮᠵᠢᠯᠠᠯᠲᠤ ᠡᠮ ᠡᠮᠨᠡᠯᠭᠡ ᠶᠢ ᠬᠥᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠬᠢᠲᠠᠳ ᠡᠸᠦ᠋ᠷᠦᠫᠡ ᠡᠮ ᠡᠮᠨᠡᠯᠭᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠵᠣᠬᠢᠴᠠᠩᠭᠤᠢ | ᠬᠥᠭᠵᠢᠬᠦ ᠶᠢ ᠠᠬᠢᠭᠤᠯᠵᠤ᠂ ᠬᠢᠲᠠᠳ ᠡᠮ ᠡᠮᠨᠡᠯᠭᠡ ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ ᠶᠢ ᠠᠬᠢᠭᠤᠯᠵᠤ᠂ | ᠥᠪᠡᠷᠮᠢᠴᠡ ᠣᠨᠴᠠᠯᠢᠭ ᠪᠦᠬᠦᠢ ᠤᠯᠠᠮᠵᠢᠯᠠᠯᠲᠤ ᠡᠮ ᠡᠮᠨᠡᠯᠭᠡ ᠶᠢᠨ ᠬᠥᠭᠵᠢᠯᠲᠡ ᠶᠢᠨ ᠵᠠᠮ ᠢ ᠨᠡᠭᠡᠭᠡᠵᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠡᠯᠡᠬᠡᠢ ᠶᠢᠨ ᠬᠥᠭᠵᠢᠯᠲᠡ ᠪᠠ ᠴᠡᠴᠡᠭᠯᠡᠯ ᠨᠢ ᠡᠯ᠎ᠡ ᠤᠯᠤᠰ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠪᠥᠮᠪᠥᠷᠴᠡᠭ ᠤᠨ ᠡᠷᠡᠭᠦᠯ | ᠬᠠᠮᠠᠭᠠᠯᠠᠯ ᠤᠨ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠥᠮᠥᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠴᠢᠬᠤᠯᠠᠲᠠᠢ ᠶᠤᠮ᠃ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠤᠯᠠᠮᠵᠢᠯᠠᠯᠲᠤ ᠡᠮ ᠡᠮᠨᠡᠯᠭᠡ ᠶᠢ ᠬᠠᠷᠢᠯᠴᠠᠨ ᠰᠣᠷᠣᠯᠴᠠᠵᠤ ᠬᠠᠷᠢᠯᠴᠠᠨ | ᠲᠣᠯᠢᠳᠠᠬᠤ ᠶᠢ ᠴᠢᠩᠭᠠᠳᠬᠠᠵᠤ᠂ ᠤᠯᠠᠮᠵᠢᠯᠠᠯᠲᠤ ᠡᠮ ᠡᠮᠨᠡᠯᠭᠡ ᠶᠢ ᠪᠥᠬᠦ ᠪᠥᠮᠪᠥᠷᠴᠡᠭ ᠤᠨ ᠡᠷᠡᠭᠦᠯ ᠬᠠᠮᠠᠭᠠᠯᠠᠯ ᠤᠨ | ᠰᠢᠰᠲ᠋ᠧᠮ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠤᠯᠠᠮᠵᠢᠯᠠᠯᠲᠤ ᠡᠮ ᠡᠮᠨᠡᠯᠭᠡ ᠶᠢᠨ ᠰᠣᠶᠣᠯ ᠢ | ᠪᠦᠲᠦᠭᠡᠯᠴᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠠᠬᠢᠭᠤᠯᠵᠤ᠂ ᠤᠯᠠᠮᠵᠢᠯᠠᠯᠲᠤ ᠡᠮ | ᠡᠮᠨᠡᠯᠭᠡ ᠪᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | 2024 ᠣᠨ ᠤ ᠳᠡᠯᠡᠬᠡᠢ ᠶᠢᠨ ᠤᠯᠠᠮᠵᠢᠯᠠᠯᠲᠤ ᠡᠮ ᠡᠮᠨᠡᠯᠭᠡ ᠶᠢᠨ ᠶᠡᠭᠡ ᠬᠤᠷᠠᠯ ᠲᠤᠬᠠᠢ ᠶᠢᠨ ᠡᠳᠦᠷ ᠪᠡᠭᠡᠵᠢᠩ ᠳᠤ | ᠡᠬᠢᠯᠡᠵᠦ᠂ ︽ᠣᠯᠠᠨ ᠡᠰᠢᠵᠢᠯ ᠤᠯᠠᠮᠵᠢᠯᠠᠯ ᠰᠢᠨ᠎ᠡ ᠡᠭᠦᠳᠦᠯᠲᠡ᠄ ᠤᠯᠠᠮᠵᠢᠯᠠᠯᠲᠤ ᠡᠮ ᠡᠮᠨᠡᠯᠭᠡ ᠪᠠᠷ ᠳᠡᠯᠡᠬᠡᠢ ᠳ᠋ᠠᠬᠢᠨ ᠳᠤ ᠪᠤᠶᠠᠨ | ᠦᠢᠯᠡᠳᠦᠶ᠎ᠡ︾ ᠪᠠᠷ ᠭᠤᠣᠯ ᠰᠡᠳᠦᠪ ᠪᠣᠯᠭᠠᠵᠤ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠮᠲᠤᠷᠠᠨ ᠭᠤᠣᠯᠯᠠᠨ ᠡᠷᠬᠢᠯᠡᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ | ᠬᠠᠮᠲᠤᠷᠠᠨ ᠡᠷᠬᠢᠯᠡᠵᠡᠢ᠃ |