ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠨ ᠨᠠᠶᠢᠷᠠᠭᠤᠯᠤᠠᠠᠰᠠᠨ ᠭᠤᠷᠪᠠᠨ ᠪᠦᠲᠦᠭᠡᠯ ᠦᠪᠡᠷᠳᠡᠭᠡᠨ ᠵᠠᠰᠠᠬᠤ  ᠤᠷᠤᠨ ᠤ ᠲᠡᠰ ᠤᠨ ᠱᠠᠩᠨᠠᠯ ᠬᠦᠷᠳᠡᠪᠡ
ᠨᠡᠶᠢᠲᠡᠯᠡᠭᠰᠡᠨ ᠴᠠᠭ᠄
2024/12/5
    ᠣᠶᠢᠷ᠎ᠠ ᠳᠤ᠂ 32 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠨᠢᠨ ᠮᠡᠳᠡᠭᠡᠨ ᠤ ᠱᠠᠩᠨᠠᠯ ᠵᠢᠴᠢ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠤᠨ 2023 ᠣᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠭᠤᠷᠪᠠᠨ ᠪᠦᠲᠦᠭᠡᠯ ᠰᠢᠯᠢᠳᠡᠭ ᠬᠢᠷᠢ ᠪᠦᠳᠦᠮᠵᠢ ᠪᠠᠷ ᠴᠣᠯᠭᠤᠷᠠᠨ ᠭᠠᠷᠴᠤ ᠱᠠᠩᠨᠠᠯ ᠭᠥᠷᠳᠡᠪᠡ᠃
   32 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠨᠢᠨ ᠮᠡᠳᠡᠭᠡᠨ ᠤ ᠱᠠᠩᠨᠠᠯ ︵2023 ᠣᠨ︶ ᠤᠨ ᠰᠢᠯᠭᠠᠷᠠᠭᠤᠯᠤᠯᠲᠠ ᠳᠤ᠂ ᠰᠤᠷᠪᠤᠯᠵᠢᠯᠠᠭᠴᠢ ᠠᠮᠤᠭᠤᠯᠠᠩ᠂ ᠰᠢᠨᠡᠨᠠᠪᠴᠢ᠂ ᠬᠦᠴᠦᠨᠳᠡᠭᠦᠰ᠂ ᠮᠦᠷᠡᠨ᠂ ᠫᠧᠢ ᠱᠠᠨ ᠨᠠᠷ ᠤᠨ ᠰᠤᠷᠪᠤᠯᠵᠢᠯᠠᠨ ᠨᠠᠶᠢᠷᠠᠭᠤᠯᠤᠭᠰᠠᠨ ︽︿ᠦᠵᠦᠮᠦᠴᠢᠨ ᠴᠠᠭᠠᠨ ᠦᠬᠡᠷ﹀ ᠶᠠᠭᠠᠬᠢᠬᠤ ᠳᠠᠭᠠᠨ ᠲᠡᠶᠢᠮᠦ ᠰᠦᠷᠡᠬᠡᠢ ᠪᠠᠶᠢᠳᠠᠭ ᠪᠤᠢ︖︾ ᠭᠡᠬᠦ ᠪᠦᠲᠦᠭᠡᠯ ᠮᠡᠳᠡᠭᠡᠯᠡᠯ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠲᠣᠰ ᠪᠦᠲᠦᠭᠡᠯ ᠨᠢ ︽ᠦᠵᠦᠮᠦᠴᠢᠨ ᠴᠠᠭᠠᠨ ᠦᠬᠡᠷ︾ ᠤᠨ ᠤᠨᠴᠠᠭᠠᠢ ᠭᠠᠷᠤᠯ ᠡᠭᠦᠰᠦᠯ ᠡᠭᠦᠯᠳᠡᠷ ᠤᠠᠠᠰᠠᠭ᠎ᠠ ᠶᠢ ᠬᠠᠶᠢᠨ ᠰᠢᠨᠵᠢᠯᠡᠵᠦ᠂ ᠲᠤᠬᠠᠢ ᠶᠢᠨ ᠭᠠᠵᠠᠷ ᠤᠨ ᠣᠨᠴᠠᠯᠢᠭᠲᠤ ᠮᠠᠯ ᠠᠵᠤ ᠠᠬᠤᠢ ᠶᠢᠨ ᠠᠵᠤ ᠦᠢᠯᠡᠰ ᠤᠨ ᠬᠢᠯᠠᠰ ᠴᠡᠭ ᠪᠠ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠳᠦᠷᠢ ᠲᠥᠷᠬᠦ ᠶᠢ ᠤᠯᠠᠮᠵᠢᠯᠠᠬᠤ ᠳᠤ ᠵᠠᠭᠤᠴᠢᠯᠠᠭᠤᠷ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠤᠭᠰᠠᠨ ᠪᠠᠶᠢᠨ᠎ᠠ᠃
    ᠡᠭᠦᠨ ᠤ ᠬᠠᠮᠲᠤ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠤᠨ 2023 ᠣᠨ ᠤ ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠰᠤᠷᠭᠠᠨ ᠬᠥᠮᠦᠵᠢᠯ ᠤᠨ ᠫᠷᠣᠭ᠍ᠷᠠᠮ ᠵᠢᠴᠢ ᠰᠢᠨ᠎ᠡ ᠵᠠᠭᠤᠴᠢᠯᠠᠭᠤᠷ ᠤᠨ ᠪᠦᠲᠦᠭᠡᠯ ᠤᠨ ᠰᠢᠯᠭᠠᠷᠠᠭᠤᠯᠤᠯᠲᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠤᠶᠠᠷ ᠪᠦᠲᠦᠭᠡᠯ ᠨᠡᠷ᠎ᠡ ᠳᠤᠷᠠᠳᠤᠭᠳᠠᠭᠰᠠᠨ ᠢᠷᠠᠭᠤ ᠠᠯᠳᠠᠷ ᠭᠥᠷᠳᠡᠪᠡ᠃ ᠲᠤᠰ ᠰᠢᠯᠭᠠᠷᠠᠭᠤᠯᠤᠯᠳᠠ ᠶᠢᠨ ᠮᠣᠩᠭᠤᠯ ᠬᠡᠯᠡᠨ ᠤ ᠲᠧᠯᠸᠢᠰ ᠤᠨ ᠨᠡᠶᠢᠭᠡᠮ ᠤᠨ ᠬᠥᠮᠦᠵᠢᠯ ᠤᠨ ᠪᠦᠲᠦᠭᠡᠯ   ᠳᠤ᠂ ᠰᠤᠷᠪᠤᠯᠵᠢᠯᠠᠭᠴᠢ ᠠᠮᠤᠭᠤᠯᠠᠩ᠂ ᠵᠢᠷᠤᠠᠠᠮ᠎ᠠ᠂ ᠬᠤᠷᠢᠶᠠᠭᠴᠢ᠂ ᠬᠦᠴᠦᠨᠳᠡᠭᠦᠰ᠂ ᠡᠷᠳᠡᠨᠢᠵᠢᠷᠭᠠᠯ ᠨᠠᠷ ᠤᠨ ᠰᠤᠷᠪᠤᠯᠵᠢᠯᠠᠨ ᠨᠠᠶᠢᠷᠠᠭᠤᠯᠤᠭᠰᠠᠨ ᠹᠢᠯᠢᠮ ︽ᠦᠵᠦᠮᠦᠴᠢᠨ ᠨᠤᠳᠤᠭ ᠤᠨ ᠠᠮᠢᠨ ᠰᠤᠳᠠᠰᠤ ᠪᠠᠯᠭᠠᠷ ᠭᠤᠣᠯ︾᠂ ᠰᠤᠷᠪᠤᠯᠵᠢᠯᠠᠭᠴᠢ ᠬᠤᠷᠢᠶᠠᠭᠴᠢ᠂ ᠵᠢᠷᠤᠠᠠᠮ᠎ᠠ᠂ ᠡᠷᠳᠡᠨᠢᠵᠢᠷᠭᠠᠯ᠂ ᠬᠦᠴᠦᠨᠳᠡᠭᠦᠰ᠂ ᠰᠢᠨᠡᠭᠡᠷᠡᠯ ᠨᠠᠷ ᠤᠨ ᠰᠤᠷᠪᠤᠯᠵᠢᠯᠠᠨ ᠨᠠᠶᠢᠷᠠᠭᠤᠯᠤᠭᠰᠠᠨ ᠪᠦᠳᠦᠭᠡᠯ ︽ᠡᠬᠡᠴᠦᠦᠯ ᠤᠨ ᠪᠠᠶᠠᠷ ᠤᠨ ᠣᠨᠴᠠᠭᠠᠶ ᠫᠷᠦᠭᠷᠠᠮ᠄  ᠪᠦᠬᠡ ᠶᠢᠨ ᠡᠵᠢ︾ ᠨᠢ ᠥᠪᠡᠷᠮᠢᠴᠡ ᠬᠠᠷᠠᠭᠠᠰᠤ ᠵᠤᠠᠠᠰᠤᠴᠠ ᠪᠠ ᠤᠷᠠᠨ ᠨᠠᠷᠢᠯᠢᠭ ᠵᠤᠬᠢᠶᠠᠮᠵᠢ ᠨᠠᠶᠢᠷᠠᠭᠤᠯᠭ᠎ᠠ ᠪᠠᠷ ᠢᠶᠠᠨ ᠪᠠᠷᠠᠭᠤᠨ ᠦᠵᠦᠮᠦᠴᠢᠨ ᠬᠤᠰᠢᠭᠤᠨ ᠤ ᠭᠠᠵᠠᠷ ᠣᠷᠣᠨ ᠤ ᠰᠣᠶᠣᠯ ᠤᠨ ᠣᠨᠴᠠᠯᠢᠭ ᠪᠠ ᠬᠦᠮᠦᠨ ᠠᠷᠠᠳ ᠤᠨ ᠬᠠᠶᠢᠷ᠎ᠠ ᠰᠡᠳᠬᠢᠯᠭᠡ ᠶᠢ ᠢᠯᠡᠳᠬᠡᠵᠦ᠂ ᠰᠢᠯᠭᠠᠷᠠᠭᠤᠯᠬᠤ ᠺᠣᠮᠢᠰ ᠤᠨ ᠬᠢᠨ ᠤ ᠦᠨᠳᠦᠷ ᠦᠨᠡᠯᠡᠯᠳᠡ ᠶᠢ ᠤᠯᠪᠠ᠃
       ᠲᠣᠰ ᠤᠳᠠᠭᠠᠨ ᠤ ᠱᠠᠩᠨᠠᠯ ᠭᠥᠷᠳᠡᠭᠰᠡᠨ ᠶᠠᠪᠤᠳᠠᠯ ᠨᠢ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠣᠨᠢᠨ ᠮᠡᠳᠡᠭᠡᠯᠡᠯ ᠪᠠ ᠫᠷᠣᠭ᠍ᠷᠠᠮ ᠤᠨ ᠵᠣᠬᠢᠶᠠᠨ ᠪᠦᠲᠦᠭᠡᠯᠭᠡ ᠶᠢᠨ ᠲᠠᠯ᠎ᠠ ᠪᠠᠷ ᠬᠢ ᠲᠤᠰᠬᠠᠢ ᠮᠡᠷᠭᠡᠵᠢᠯ ᠤᠨ ᠪᠣᠳᠠᠲᠤ ᠬᠦᠴᠦᠨ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠦᠢᠴᠡᠳ ᠬᠠᠷᠠᠭᠤᠯᠪᠠ᠃ ᠲᠤᠰ ᠲᠥᠪ ᠨᠢ ᠰᠣᠨᠢᠨ ᠮᠡᠳᠡᠭᠡᠨ ᠤ ᠤᠭ ᠰᠠᠨᠠᠭ᠎ᠠ ᠪᠠᠨ ᠦᠷᠭᠦᠯᠵᠢᠯᠡᠨ ᠪᠠᠷᠢᠮᠳᠠᠯᠠᠵᠦ᠂ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠪᠠᠷᠠᠭᠤᠨ ᠦᠵᠦᠮᠦᠴᠢᠨ ᠬᠤᠰᠢᠭᠤᠨ ᠤ ᠪᠠᠨ ᠦᠯᠢᠭᠡᠷ ᠢ ᠶᠠᠷᠢᠬᠤ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号