ᠪᠠᠷᠠᠭᠤᠨ ᠦᠵᠦᠮᠦᠴᠢᠨ ᠬᠤᠰᠢᠭᠤᠨ ᠤ 2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠵᠢᠴᠢ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/12/5
   12 ᠰᠠᠷ᠎ᠠ ᠶᠢᠨ 3 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠪᠠ᠃    2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠶᠠᠷᠢᠶᠠᠨ ᠳᠠᠭᠠᠨ᠂ ᠪᠠᠷᠠᠭᠤᠨ ᠦᠵᠦᠮᠦᠴᠢᠨ ᠬᠤᠰᠢᠭᠤ ᠨᠢ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠬᠡᠷᠡᠭᠵᠢᠭᠦᠯᠬᠦ ᠶᠢ  ᠠᠬᠢᠭᠤᠯᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠬᠠᠤᠯᠢ ᠲᠦᠭᠡᠮᠡᠯᠵᠢᠭᠦᠯᠬᠦ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠂ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ  ᠶᠠᠬᠡᠬᠡᠨ ᠲᠡᠬᠡᠭᠰᠢᠯᠠᠬᠦᠯᠵᠡᠢ᠃  ᠡᠯ᠎ᠡ  ᠰᠣᠮᠤ ᠪᠠᠯᠭᠠᠰᠣ ᠡᠯ᠎ᠡ ᠰᠠᠯᠠᠭ᠎ᠠ ᠮᠥᠴᠢᠷ ᠨᠢ ᠦᠵᠡᠯ ᠰᠠᠨᠠᠭ᠎ᠠ ᠪᠠᠨ  ᠨᠢᠬᠡᠳᠬᠡᠨ᠂ ᠦᠨᠳᠦᠰᠦᠨ ᠬᠠᠤᠯᠢ  ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ  ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠦᠬᠦ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂  ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠲᠠᠯ᠎ᠠ ᠪᠠᠷ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠪᠦᠬᠦ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠴᠠᠭᠠᠵᠠ ᠶᠢᠨ ᠮᠠᠳᠠᠯᠬᠡ ᠶᠢ ᠪᠦᠳᠦᠮᠵᠢᠳᠠᠢ ᠲᠡᠬᠡᠭᠰᠯᠠᠬᠦᠯᠬᠦ ᠬᠡᠷᠡᠭᠳᠠᠢ ᠬᠡᠵᠡᠢ᠃    ᠶᠣᠰᠣᠯᠠᠯ ᠤᠨ ᠳᠤᠮᠳᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠺᠠᠳ᠋ᠷ ᠴᠠᠭᠳᠠᠭ᠎ᠠ᠂ ᠵᠢᠷ ᠤᠨ ᠭᠤᠣᠯ ᠪᠠᠯᠭᠠᠰᠤᠨ ᠤ ᠰᠠᠭᠤᠭᠠᠯᠢ ᠠᠷᠠᠳ ᠤᠨ ᠲᠥᠯᠥᠭᠡᠯᠡᠭᠴᠢ ᠠᠴᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠨᠠᠭᠠᠴᠢᠯᠠᠭ᠎ᠠ ᠶᠢᠨ ᠪᠢᠴᠢᠭ ᠤᠩᠰᠢᠵᠡᠢ᠃    ᠪᠠᠷᠠᠭᠤᠨ ᠦᠵᠦᠮᠦᠴᠢᠨ ᠬᠤᠰᠢᠭᠤᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ ︾ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠷᠤᠯᠳᠤᠭᠠᠨ ᠳᠤ  ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠪᠠᠶᠢᠭᠤᠯᠭ᠎ᠠ ᠨᠢᠬᠡᠴᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠵᠡᠷᠭᠡ 34 ᠲᠦᠯᠤᠬᠡᠯᠡᠭᠴᠢ ᠶᠢᠨ ᠠᠩᠭᠢ  ᠤᠷᠤᠯᠴᠠᠨ᠂ ᠤᠷᠤᠯᠳᠣᠭᠠᠨ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠪᠡ᠃   ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠭᠠᠴᠠᠭ᠎ᠠ ᠨᠡᠶᠢᠭᠡᠮ ᠲᠣᠭᠤᠷᠢᠭ ᠤᠨ ᠳᠤᠭᠤᠶᠢᠯᠠᠩ ᠳᠤ ᠪᠠᠶᠠᠨᠬᠤᠸᠠ ᠪᠠᠯᠭᠠᠰᠤᠨ ᠤ ᠲᠦᠯᠤᠬᠡᠯᠡᠭᠴᠢ ᠶᠢᠨ ᠠᠩᠭᠢ ᠨᠢᠭᠡᠳᠦᠭᠡᠷ ᠲᠤ ᠣᠷᠣᠵᠤ᠂ ᠪᠠᠶᠠᠨᠬᠤᠰᠢᠭᠤ ᠰᠣᠮᠤᠨ ᠤ ᠬᠤᠶᠠᠳᠤᠭᠠᠷ ᠲᠦᠯᠤᠬᠡᠯᠡᠭᠴᠢ ᠶᠢᠨ ᠠᠩᠭᠢ ᠪᠠ ᠵᠢᠷ ᠤᠨ ᠭᠤᠣᠯ ᠪᠠᠯᠭᠠᠰᠤᠨ ᠤ ᠵᠢᠷᠠᠨ ᠤ ᠰᠠᠭᠤᠭᠠᠯᠢ ᠠᠷᠠᠳ ᠤᠨ ᠳᠤᠭᠤᠶᠢᠯᠠᠩ ᠤᠨ ᠲᠦᠯᠤᠬᠡᠯᠡᠭᠴᠢ ᠶᠢᠨ ᠠᠩᠭᠢ ᠬᠤᠶᠠᠳᠤᠭᠠᠷ ᠲᠤ ᠣᠷᠣᠵᠤ᠂ ᠤᠯᠠᠭᠠᠨᠬᠠᠭᠠᠯᠭ᠎ᠠ ᠰᠣᠮᠤᠨ ᠤ ᠲᠦᠯᠤᠬᠡᠯᠡᠭᠴᠢ ᠶᠢᠨ ᠠᠩᠭᠢ᠂ ᠪᠠᠶᠠᠨᠬᠤᠸᠠ ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ᠲᠦᠯᠤᠬᠡᠯᠡᠭᠴᠢ  ᠶᠢᠨ ᠠᠩᠭᠢ᠂ ᠪᠠᠶᠠᠨᠬᠤᠸᠠ ᠪᠠᠯᠭᠠᠰᠤᠨ ᠤ ᠪᠠᠶᠠᠨᠬᠤᠸᠠ ᠨᠡᠶᠢᠭᠡᠮ ᠲᠣᠭᠤᠷᠢᠭ ᠤᠨ ᠲᠦᠯᠤᠬᠡᠯᠡᠭᠴᠢ ᠶᠢᠨ ᠠᠩᠭᠢ ᠭᠤᠷᠪᠠᠳᠤᠭᠠᠷ ᠲᠤ ᠣᠷᠣᠵᠠᠢ᠃    ᠪᠠᠶᠢᠭᠤᠯᠭ᠎ᠠ ᠨᠢᠭᠡᠴᠡ ᠶᠢᠨ ᠳᠤᠭᠤᠶᠢᠯᠠᠩ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶᠠᠨ ᠤ  ᠲᠦᠯᠤᠬᠡᠯᠡᠭᠴᠢ ᠶᠢᠨ ᠠᠩᠬᠢ ᠨᠢᠭᠡᠳᠦᠭᠡᠷ ᠲᠤ ᠣᠷᠣᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶᠠᠨ ᠤ ᠲᠦᠯᠤᠬᠡᠯᠡᠭᠴᠢ ᠶᠢᠨ ᠠᠩᠬᠢ ᠬᠤᠶᠠᠳᠤᠭᠠᠷ ᠲᠤ ᠣᠷᠣᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠲᠦᠯᠤᠬᠡᠯᠡᠭᠴᠢ ᠶᠢᠨ ᠠᠩᠭᠢ᠂ ᠠᠵᠢᠯᠴᠢᠨ ᠤ ᠶᠡᠷᠦᠩᠬᠡᠢ ᠡᠪᠯᠡᠯ ᠤᠨ ᠲᠦᠯᠤᠬᠡᠯᠡᠭᠴᠢ ᠶᠢᠨ ᠠᠩᠬᠢ᠂ ᠠᠷᠠᠳ ᠤᠨ ᠰᠢᠭᠦᠬᠦ ᠬᠤᠷᠢᠶᠠᠨ ᠤ ᠲᠦᠯᠤᠬᠡᠯᠡᠭᠴᠢ ᠶᠢᠨ ᠠᠩᠭᠢ ᠭᠤᠷᠪᠠᠳᠤᠭᠠᠷ ᠲᠤ ᠣᠷᠣᠵᠠᠢ᠃    ᠭᠤᠷᠤᠬᠠᠨ ᠪᠠᠯᠭᠠᠰᠤᠨ ᠤ ᠰᠠᠭᠤᠭᠠᠯᠢ ᠠᠷᠠᠳ ᠤᠨ ᠵᠥᠪᠯᠡᠯ ᠤᠨ ᠲᠦᠯᠤᠬᠡᠯᠡᠭᠴᠢ ᠶᠢᠨ  ᠠᠩᠬᠢ᠂ ᠵᠢᠷᠠᠨᠭᠤᠣᠯ ᠪᠠᠯᠭᠠᠰᠤᠨ ᠤ ᠠᠯᠳᠠᠳᠣ ᠭᠠᠴᠠᠭᠠᠨ ᠤ ᠲᠦᠯᠤᠬᠡᠯᠡᠭᠴᠢ ᠶᠢᠨ ᠠᠩᠭᠢ᠂ ᠤᠰᠤᠨ ᠠᠰᠢᠭᠯᠠᠯᠲᠠ ᠶᠢᠨ ᠲᠣᠪᠴᠢᠶᠠᠨ ᠤ ᠲᠦᠯᠤᠬᠡᠯᠡᠭᠴᠢ ᠶᠢᠨ ᠠᠩᠭᠢ᠂ ᠬᠠᠮ ᠵᠠᠭᠤᠴᠢᠯᠠᠭᠤᠷ ᠤᠨ ᠲᠥᠪ ᠤᠨ ᠲᠦᠯᠤᠬᠡᠯᠡᠭᠴᠢ ᠶᠢᠨ ᠠᠩᠭᠢ ᠰᠢᠯᠢᠳᠡᠭ ᠱᠠᠩᠨᠠᠯ ᠭᠥᠷᠳᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ  ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号