12 ᠳ᠋ᠤᠭᠠᠷ ᠰᠠᠷ᠎ᠠ ᠶᠢᠨ 1 ᠤ ᠡᠳᠦᠷ᠂ ᠴᠧᠩ ᠮᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠤᠷᠢᠨᠭᠡᠷ ᠰᠢᠨ᠎ᠡ ᠲᠣᠭᠤᠷᠢᠭ ᠲᠤ ᠪᠦᠲᠦᠭᠡᠨ ᠪᠠᠶᠢᠭᠤᠯᠤᠭᠰᠠᠨ ᠰᠢᠨ ᠴᠤᠸᠠᠩ | ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠢ ᠵᠢᠩᠬᠢᠨᠢ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠪᠠ᠃ ᠲᠣᠰ ᠦᠢᠯᠡᠳᠪᠦᠷᠢᠯᠡᠯ ᠤᠨ ᠱᠤᠭᠤᠮ ᠪᠣᠯ ᠮᠠᠨ ᠤ ᠣᠷᠣᠨ ᠤ ᠠᠩᠬᠠᠳᠠᠭᠴᠢ ᠰᠢᠨ ᠴᠤᠸᠠᠩ | ᠺᠣᠮᠫᠢᠦ᠋ᠲ᠋ᠧᠷ ᠪᠠ ᠦᠢᠯᠡᠴᠢᠯᠡᠭᠦᠷ ᠢ ᠲᠤᠰᠬᠠᠶᠢᠯᠠᠨ ᠦᠢᠯᠡᠳᠪᠦᠷᠢᠯᠡᠬᠦ ᠳᠤ ᠬᠡᠷᠡᠭᠯᠡᠬᠦ ᠣᠶᠤᠨᠴᠢ ᠪᠠᠷ ᠦᠢᠯᠡᠳᠬᠦ | ᠦᠢᠯᠡᠳᠪᠦᠷᠢᠯᠡᠯ ᠤᠨ ᠱᠤᠭᠤᠮ ᠪᠠᠶᠢᠵᠤ᠂ ᠣᠳᠣᠬᠢᠴᠢᠯᠠᠭᠰᠠᠨ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ | ᠱᠤᠭᠤᠮ᠂ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠰᠢᠨ ᠴᠤᠸᠠᠩ ᠺᠣᠮᠫᠢᠦ᠋ᠲ᠋ᠧᠷ ᠤᠨ ᠪᠠᠶᠢᠴᠠᠭᠠᠨ ᠰᠢᠯᠭᠠᠬᠤ | ᠲᠥᠪ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠭᠰᠠᠨ ᠰᠤᠳᠤᠯᠤᠨ ᠨᠡᠭᠡᠭᠡᠬᠦ ᠲᠥᠪ ᠵᠢᠴᠢ ᠪᠠᠭᠲᠠᠭᠠᠮᠵᠢᠲᠤ | ᠴᠢᠨᠠᠷᠲᠠᠢ ᠪᠠᠷ ᠬᠡᠮᠵᠢᠨ ᠲᠤᠷᠰᠢᠬᠤ ᠶᠢ ᠬᠤᠯᠪᠤᠭᠠᠯᠠᠨ ᠲᠣᠬᠢᠷᠠᠯᠴᠠᠭᠤᠯᠬᠤ ᠲᠥᠪ ᠢ ᠬᠠᠮᠤᠷᠪᠠ᠃ ᠲᠣᠰ ᠤᠳᠠᠭ᠎ᠠ | ᠠᠰᠢᠭᠯᠠᠯᠲᠠ ᠳᠤ ᠣᠷᠣᠭᠤᠯᠤᠭᠰᠠᠨ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠨᠢ ᠵᠢᠯ ᠳᠤ | 20 ᠲᠦᠮᠡᠨ ᠰᠠᠭᠤᠷᠢ ︽ᠸᠠᠩ ᠯᠦᠩ︾ ᠨᠠᠷᠠᠲᠤ ᠲᠡᠮᠳᠡᠭᠲᠦ ᠶᠢᠨ ᠴᠢᠳᠠᠮᠵᠢ ᠰᠠᠶᠢᠲᠠᠢ ᠰᠢᠨ ᠴᠤᠸᠠᠩ | ᠺᠣᠮᠫᠢᠦ᠋ᠲ᠋ᠧᠷ ᠢ ᠦᠢᠯᠡᠳᠪᠦᠷᠢᠯᠡᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 10 ᠳ᠋ᠦᠩᠰᠢᠭᠤᠷ | ᠲᠥᠭᠦᠷᠢᠭ ᠢ ᠳᠠᠪᠠᠭᠤ ᠪᠣᠯᠣᠨ᠎ᠠ᠃ ᠲᠤᠰ ᠰᠠᠭᠤᠷᠢᠨ ᠭᠠᠵᠠᠷ ᠤᠨ ᠬᠢᠨ ᠪᠠᠰᠠ ᠳᠡᠰ ᠠᠴᠠ ᠳᠠᠪᠠᠭᠰᠠᠨ ᠨᠡᠶᠢᠯᠡᠯᠲᠡ᠂ | ᠰᠢᠨ ᠬᠤᠸᠠ ᠰᠠᠨ ᠵᠢᠴᠢ ᠯᠠᠩ ᠴᠤᠤ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠦᠢᠯᠡᠴᠢᠯᠡᠭᠦᠷ ᠢ ᠣᠷᠣᠯᠠᠵᠤ | ᠭᠦᠢᠴᠡᠳᠬᠡᠬᠦ ᠲᠤᠬᠠᠶᠢᠯᠠᠭᠰᠠᠨ ᠠᠵᠢᠯ ᠢ ᠲᠤᠰᠤᠨ ᠠᠪᠴᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 5 ᠲᠦᠮᠡᠨ | ᠰᠠᠭᠤᠷᠢ ᠳᠤ ᠬᠦᠷᠴᠦ᠂ ᠦᠢᠯᠡᠳᠬᠦᠨ ᠤ ᠥᠷᠲᠡᠭ ᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠣᠯᠣᠨ᠎ᠠ᠃ | ︵ᠬᠥᠬᠡᠬᠤᠲᠠ ᠶᠢᠨ ᠵᠠᠰᠠᠭ ᠤᠨ ᠣᠷᠳᠣᠨ︶ |