ᠪᠠᠯᠭᠠᠷ ᠭᠤᠣᠯ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/12/9
   ᠭᠠᠳᠠᠨ᠎ᠠ ᠴᠠᠭ ᠠᠭᠤᠷ ᠬᠦᠢᠳᠡᠨ ᠪᠠᠶᠢᠭᠰᠠᠨ ᠴᠦ ᠪᠠᠯᠠᠭᠠᠷ ᠭᠤᠣᠯ ᠤᠨ ᠬᠦᠪᠡᠭᠡ ᠲᠠᠭᠠᠣ ᠭᠤᠣᠯ ᠤᠨ ᠬᠠᠰᠢᠯᠭ᠎ᠠ ᠶᠢ ᠪᠠᠬᠢᠯᠡᠨ ᠵᠠᠰᠠᠬᠤ ᠠᠵᠢᠯ ᠡᠷᠴᠢᠮᠳᠡᠢ ᠶᠠᠪᠣᠭᠳᠠᠵᠣ᠂ ᠲᠡᠷᠬᠡ ᠮᠠᠰᠢᠨ ᠨᠠᠰᠢ ᠴᠠᠰᠢ ᠰᠢᠷᠣᠢ ᠵᠦᠭᠡᠭᠡᠨ ᠰᠦᠯᠵᠢᠯᠳᠦᠵᠣ᠂ ᠠᠵᠢᠯᠴᠢᠳ ᠲᠣᠰ ᠲᠣᠰ ᠤᠨ ᠬᠤᠪᠢᠳᠠᠭᠰᠠᠨ ᠭᠠᠵᠠᠷ ᠲᠠᠭᠠᠨ ᠡᠷᠬᠢ ᠲᠠᠭᠠᠣ ᠴᠢᠯᠠᠭᠤ ᠵᠡᠷᠭᠡᠯᠡᠵᠦ ᠴᠠᠭ ᠮᠦᠴᠡ ᠲᠠᠢ ᠣᠷᠣᠯᠳᠣᠨ ᠠᠵᠢᠯᠯᠠᠵᠠᠭᠠᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠭᠤᠣᠯ ᠤᠨ ᠦᠶᠡᠷ ᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠨᠡ ᠵᠢᠯ ᠤᠨ 10 ᠰᠠᠷ᠎ᠠ ᠶᠢᠨ ᠳᠤᠮᠳᠠᠴᠢ ᠪᠠᠷ ᠪᠦᠬᠦ ᠲᠠᠯ᠎ᠠ ᠪᠠᠷ ᠡᠬᠢᠯᠡᠬᠦᠯᠵᠡᠢ᠃ ᠪᠠᠯᠭᠠᠷ ᠭᠤᠣᠯ ᠨᠢ ᠪᠠᠶᠠᠨᠪᠤᠯᠠᠭ᠂  ᠪᠦᠯᠢᠶᠡᠨ ᠭᠤᠸ  ᠵᠡᠷᠭᠡ ᠣᠯᠠᠨ ᠭᠠᠵᠠᠷ ᠢᠶᠠᠷ ᠲᠠᠮᠵᠢᠨ᠂ ᠡᠬᠢᠨ ᠤ ᠬᠡᠰᠡᠭ ᠨᠢ ᠲᠡᠯᠡᠶ ᠶᠢᠨ ᠲᠦᠪᠰᠢᠨ ᠠᠴᠠ 1376.6 ᠮᠧᠲᠷ ᠡᠷᠭᠦᠭᠳᠡᠵᠦ᠂ ᠣᠷᠣᠰᠬᠠᠯ ᠲᠠᠭᠠᠣ  ᠭᠠᠵᠠᠷ ᠤᠨ ᠪᠠᠶᠢᠴᠠ ᠨᠢ ᠲᠡᠭᠰᠢ᠂ ᠤᠰᠤᠨ ᠤ ᠤᠷᠤᠰᠬᠠᠯ ᠨᠢ ᠨᠠᠮ ᠳᠥᠯᠭᠡᠨ᠂  ᠭᠤᠣᠯ ᠤᠨ ᠲᠣᠬᠤᠢ ᠣᠯᠠᠨ  ᠲᠠᠢ  ᠂ ᠥᠪᠡᠷᠮᠢᠴᠡ ᠣᠨᠴᠠᠯᠢᠭ ᠪᠦᠬᠦᠢ ᠲᠠᠯ᠎ᠠ ᠨᠤᠲᠤᠭ  ᠤᠨ ᠨᠠᠭᠤᠷ ᠴᠦᠬᠦᠷᠦᠮ ᠤᠨ ᠨᠢᠭᠡ ᠪᠠᠶᠢᠵᠣ᠂ ᠣᠷᠣᠰᠬᠠᠯ  ᠨᠢ ᠦᠷᠬᠦᠯᠵᠢᠯᠡᠭᠰᠡᠭᠡᠷ ᠵᠡᠭᠦᠨ ᠦᠵᠦᠮᠦᠴᠢᠨ ᠬᠤᠰᠢᠭᠤᠨ ᠳᠠᠬᠢ ᠣᠯᠠᠭᠠᠢ ᠭᠤᠣᠯ ᠳᠤ ᠴᠢᠳᠬᠤᠵᠣ᠂ ᠤᠰᠤᠨ ᠤ ᠡᠬᠢ ᠰᠤᠷᠪᠤᠯᠵᠢ ᠨᠢ ᠵᠢᠯ ᠲᠤᠷᠰᠢ ᠲᠠᠰᠤᠷᠠᠭ᠎ᠠ ᠦᠭᠡᠢ ᠪᠠᠶᠢᠳᠠᠭ᠃      ᠪᠠᠯᠭᠠᠷ ᠭᠤᠣᠯ ᠤᠨ ᠦᠶᠡᠷ ᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠬᠤ ᠶᠢᠨ ᠬᠠᠮᠲᠤ ᠦᠵᠡᠮᠵᠢ ᠶᠢᠨ ᠵᠢᠷᠤᠭ ᠲᠥᠯᠥᠪᠯᠡᠭᠡ ᠳᠤ ᠠᠭᠤᠰᠬᠠᠨ ᠣᠷᠣᠭᠤᠯᠵᠤ᠂ ︽ᠭᠤᠣᠯ ᠣᠰᠣ ᠬᠤᠲᠠ ᠪᠠᠯᠭᠠᠰᠣ ᠬᠠᠮᠲᠤ ᠪᠠᠷ ᠴᠡᠴᠡᠭᠯᠡᠨ ᠬᠥᠭᠵᠢᠬᠦ ︾ ᠡᠶ᠎ᠡ ᠵᠣᠬᠢᠴᠠᠯ ᠲᠠᠢ ᠬᠦᠭᠵᠢᠯᠲᠡ ᠶᠢ ᠠᠬᠢᠭᠤᠯᠬᠤ ᠡᠭᠦᠳᠡᠨ ᠠᠴᠠ ᠪᠠᠷᠠᠭᠤᠨ ᠦᠵᠦᠮᠦᠴᠢᠨ ᠬᠤᠰᠢᠭᠤ᠂ ᠡᠨᠡ ᠵᠢᠯ ᠪᠠᠯᠭᠠᠷ ᠭᠤᠣᠯ ᠤᠨ ᠶᠡᠷᠦᠩᠬᠡᠶᠢᠯᠡᠨ ᠵᠠᠰᠠᠬᠤ ᠪᠥᠬᠦ ᠲᠠᠯ᠎ᠠ ᠶᠢᠨ ᠲᠥᠯᠦᠪᠵᠢᠭᠦᠯᠭᠡ ᠲᠣᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 2377.66 ᠲᠦᠮᠡᠨ ᠲᠥᠭᠦᠷᠢᠭ ᠲᠤ ᠬᠦᠷᠴᠦ᠂ ᠵᠠᠰᠠᠬᠤ ᠣᠷᠳᠣ ᠨᠢ 3.8 ᠺᠢᠯᠣᠮᠧᠲᠷ ᠪᠠᠶᠢᠵᠤ᠂ ᠦᠶᠡᠷ ᠢ ᠰᠡᠷᠭᠡᠶᠢᠯᠡᠬᠦ ᠪᠠ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠶᠢ  ᠬᠠᠩᠭᠠᠬᠤ ᠠᠴᠠ ᠭᠠᠳᠠᠨ᠎ᠠ ᠪᠠᠯᠭᠠᠷᠭᠤᠣᠯ ᠪᠠᠯᠭᠠᠰᠣᠨ ᠤ  ᠰᠡᠯᠡᠬᠦᠴᠡᠯ ᠵᠣᠭᠠᠴᠠᠯ ᠳᠤ ᠵᠣᠷᠢᠭᠤᠯᠣᠯᠲᠠ ᠲᠠᠢ ᠭᠤᠸ᠋ᠵᠢᠭᠤᠯᠣᠯᠲᠠ ᠶᠢ ᠪᠠᠭᠳᠠᠭᠠᠵᠣ᠂ ᠲᠦᠯᠦᠪᠯᠡᠭᠡ ᠪᠠᠷ 2025 ᠣᠨ ᠤ 9 ᠰᠠᠷ᠎ᠠ ᠳᠤ ᠠᠵᠢᠯ   ᠢᠶᠠᠨ ᠲᠠᠭᠤᠰᠬᠠᠬᠤ ᠪᠠᠷ ᠲᠦᠯᠦᠪᠯᠡᠵᠦ ᠪᠣᠢ᠃    ᠣᠳᠣᠬᠠᠨ ᠳᠤ ᠲᠣᠰ ᠪᠦᠳᠦᠭᠡᠨ ᠪᠠᠶᠢᠭᠤᠯᠣᠯᠲᠠ ᠶᠢᠨ ᠢᠨᠵᠧᠨᠧᠷᠢᠩ ᠨᠢ ᠭᠤᠣᠯ ᠲᠠᠭᠠᠣ ᠵᠡᠭᠦᠨ ᠪᠠᠷᠠᠭᠤᠨ ᠡᠷᠭᠢ ᠶᠢᠨ ᠬᠠᠰᠢᠯᠭ᠎ᠠ ᠶᠢ ᠪᠠᠬᠢᠵᠢᠭᠦᠯᠬᠦ ᠪᠠ ᠰᠢᠨ᠎ᠡ ᠪᠠᠷ ᠪᠠᠶᠢᠭᠤᠯᠬᠤ ᠠᠵᠢᠯ ᠡᠷᠴᠢᠮᠳᠡᠢ ᠶᠠᠪᠣᠭᠳᠠᠵᠣ᠂  ᠪᠠᠷᠢᠯᠭ᠎ᠠ ᠲᠠᠭᠤᠰᠣᠭᠰᠠᠨ ᠤ ᠲᠠᠷᠠᠭ᠎ᠠ ᠦᠶᠡᠷ ᠢ ᠰᠡᠷᠭᠡᠶᠢᠯᠡᠬᠦ ᠪᠡ ᠪᠥᠬᠦ ᠲᠠᠯ᠎ᠠ ᠶᠢᠨ ᠠᠮᠢ ᠠᠬᠤᠢ ᠶᠢᠨ ᠦᠵᠡᠮᠵᠢ ᠶᠢᠨ ᠦᠩᠭᠡ ᠪᠣᠳᠤᠭ ᠢ ᠨᠡᠮᠡᠭᠳᠡᠬᠦᠯᠵᠦ  ᠪᠠᠯᠭᠠᠷᠭᠤᠣᠯ ᠪᠠᠯᠭᠠᠰᠣᠨ ᠤ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠬᠤᠲᠠ ᠪᠠᠯᠭᠠᠰᠣᠨ ᠤ ᠳᠦᠷᠢ ᠲᠥᠷᠬᠦ ᠶᠢ ᠭᠤᠶᠣᠵᠢᠭᠤᠯᠵᠣ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠦᠬᠦᠴᠡᠯ ᠢ ᠨᠡᠩ ᠰᠠᠶᠢᠵᠢᠷᠠᠭᠤᠯᠬᠤ  ᠪᠣᠯᠣᠨ᠎ᠠ᠃          
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号