ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠨᠢ ᠰᠣᠶᠣᠯ ᠵᠢᠭᠤᠯᠴᠢᠯᠠᠯ ᠤᠨ ᠰᠢᠯᠢᠳᠡᠭ ᠬᠢᠷᠢ ᠪᠦᠲᠦᠮᠵᠢ | ᠪᠠᠷ ᠢᠶᠠᠨ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ 500 ᠲᠦᠮᠡᠨ ᠲᠥᠭᠦᠷᠢᠭ ᠤᠨ ᠰᠣᠶᠣᠯ | ᠵᠢᠭᠤᠯᠴᠢᠯᠠᠯ ᠤᠨ ᠱᠠᠩᠨᠠᠯ ᠤᠨ ᠮᠥᠩᠭᠦ ᠶᠢᠨ ᠵᠣᠷᠢᠭᠵᠢᠭᠤᠯᠤᠯ ᠢ ᠭᠦᠷᠳᠠᠵᠡᠢ᠃ 2024 ᠣᠨ ᠳᠤ᠂ ᠪᠠᠷᠠᠭᠤᠨ | ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠲᠣᠪᠣᠶᠢᠮ᠎ᠠ ᠠᠮᠵᠢᠯᠲᠠ ᠣᠯᠵᠤ᠂ ᠵᠤᠭᠠᠴᠠᠭᠰᠠᠳ ᠢ | ᠨᠡᠶᠢᠲᠡ 153 ᠲᠦᠮᠡᠨ ᠬᠥᠮᠥᠨ ᠤᠳᠠᠭ᠎ᠠ ᠳᠤ ᠭᠦᠷᠴᠦ᠂ ᠵᠤᠭᠠᠴᠠᠯ ᠤᠨ ᠣᠷᠣᠯᠭ᠎ᠠ 6.85 ᠳ᠋ᠦᠩᠰᠢᠭᠤᠷ | ᠲᠥᠭᠦᠷᠢᠭ ᠲᠤ ᠭᠦᠷᠦᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠣᠷᠣᠨ ᠤ ᠲᠤᠳᠣᠨᠠ ᠭᠠᠳᠠᠨᠠᠬᠢ ᠤᠬᠠᠭᠤᠯᠭ᠎ᠠ ᠰᠣᠷᠳᠠᠯᠴᠢᠯᠠᠭ᠎ᠠ ᠪᠠᠨ | ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢ ᠬᠦᠢᠴᠠᠳ ᠠᠰᠢᠭᠯᠠᠨ᠂ ︽ | ᠲᠠᠯ᠎ᠠ ᠨᠤᠲᠤᠭ ᠤᠨ 99 ᠨᠣᠮᠧᠷᠲᠤ ᠵᠢᠭᠤᠯᠴᠢᠯᠠᠯ ᠤᠨ ᠵᠠᠮ︾ ᠤᠨ ᠠᠯᠳᠠᠷᠰᠢᠯ ᠢ ᠲᠡᠭᠡᠭᠰᠢᠯᠠᠬᠦᠯᠦᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠰᠦᠯᠵᠢᠶᠡᠨ ᠤ ᠤᠬᠠᠭᠤᠯᠭ᠎ᠠ ᠶᠢᠨ ᠲᠠᠪᠴᠠᠩ ᠢ ᠢᠳᠡᠪᠬᠢᠲᠡᠢ ᠠᠰᠢᠭᠯᠠᠨ᠂ | ᠠᠷᠠᠳ ᠤᠨ ᠵᠠᠩ ᠦᠶᠯᠡ᠂ ᠲᠠᠯ᠎ᠠ ᠨᠤᠲᠤᠭ ᠤᠨ ᠰᠦᠷᠯᠢᠭ ᠰᠠᠶᠢᠬᠠᠨ ᠥᠩᠭᠡ ᠦᠵᠡᠮᠵᠢ ᠶᠢ ᠤᠬᠠᠭᠤᠯᠵᠤ᠂ ᠥᠷᠭᠡᠨ | ᠣᠯᠠᠨ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠢ ᠲᠠᠳᠠᠭᠰᠠᠨ ᠢᠶᠠᠷ ᠪᠠᠷᠠᠬᠤ ᠦᠭᠡᠢ᠂ ᠣᠯᠢᠮᠫᠢᠺ ᠤᠨ ᠲᠠᠮᠢᠷ ᠤᠨ | ᠴᠤᠭᠯᠠᠭᠠᠨ ᠤ ᠮᠠᠩᠯᠠᠢ ᠵᠡᠷᠭᠡ ᠨᠠᠷᠠᠲᠤ ᠲᠣᠭᠯᠠᠭᠴᠢᠳ ᠢ ᠤᠷᠢᠵᠤ ᠪᠠᠷᠠᠭᠤᠨ ᠦᠵᠦᠮᠦᠴᠢᠨ ᠬᠤᠰᠢᠭᠤ ᠪᠠᠨ | ᠤᠬᠠᠭᠤᠯᠤᠭᠰᠠᠨ ᠢᠶᠠᠷ ᠪᠠᠷᠠᠬᠤ ᠦᠭᠡᠢ ᠠᠵᠤ ᠠᠬᠤᠶᠢᠯᠠᠯ ᠲᠠᠢ ᠬᠠᠮᠲᠤᠷᠠᠨ ᠰᠦᠯᠵᠢᠶᠡᠨ ᠤ ᠰᠦᠯᠵᠢᠶᠠᠨ ᠤ ᠤᠳᠣ | ᠪᠠᠷ ᠲᠠᠮᠵᠢᠨ ᠤᠬᠠᠭᠤᠯᠭ᠎ᠠ ᠰᠣᠷᠳᠠᠯᠴᠢᠯᠭᠠ ᠬᠢᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠨ ᠦᠩᠬᠡ | ᠦᠵᠡᠮᠵᠢ᠂ ᠰᠣᠶᠤᠯ ᠢᠷᠬᠡᠨᠰᠢᠯ ᠢ ᠤᠬᠠᠭᠤᠯᠤᠨ ᠰᠣᠷᠳᠠᠯᠴᠢᠯᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠢᠭᠤᠯᠴᠢᠯᠠᠯ ᠤᠨ ᠵᠠᠮ︾ | ᠤᠨ ᠦᠵᠡᠰᠬᠦᠯᠡᠩᠲᠦ ᠰᠠᠶᠢᠬᠠᠨ ᠦᠵᠡᠮᠵᠢ ᠨᠢ ᠲᠥᠪ ᠲᠧᠯᠸᠢᠰ ᠂ ᠾᠧᠨᠠᠨ ᠮᠤᠵᠢ ᠶᠢᠨ ᠤᠳᠤᠨ ᠲᠧᠯᠸᠢᠰ᠂ | ᠭᠤᠸᠠᠩᠰᠢ ᠮᠤᠵᠢ ᠶᠢᠨ ᠤᠳᠤᠨ ᠲᠧᠯᠸᠢᠰ ᠵᠡᠷᠭᠡ ᠪᠠᠷ ᠨᠡᠪᠳᠠᠷᠡᠬᠦᠯᠦᠭᠳᠡᠵᠦ ᠂ ᠪᠦᠬᠦ ᠤᠯᠤᠰ ᠤᠨ ᠬᠡᠪᠴᠢᠶᠡᠨ ᠳᠤ | ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠵᠢᠴᠢ ᠠᠷᠠᠳ ᠤᠨ ᠵᠠᠩ ᠦᠢᠯᠡ ᠶᠢ ᠤᠬᠠᠭᠤᠯᠤᠨ | ᠳᠡᠯᠭᠡᠷᠡᠭᠦᠯᠵᠡᠢ᠃ ᠤᠬᠠᠭᠤᠯᠭ᠎ᠠ ᠶᠢᠨ ᠪᠠᠶᠢᠷᠢᠰᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠪᠡᠭᠡᠵᠢᠩ ᠤᠨ | ᠲᠡᠮᠦᠷ ᠵᠠᠮ ᠤᠨ ᠥᠷᠲᠡᠭᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠰᠢᠯᠢᠩᠬᠤᠲᠠ ᠶᠢᠨ ᠨᠢᠰᠬᠡᠯ ᠤᠨ | ᠪᠠᠭᠤᠳᠠᠯ᠂ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠴᠢᠬᠤᠯᠠ ᠱᠤᠭᠤᠮ ᠵᠢᠴᠢ ᠵᠢᠭᠤᠯᠴᠢᠯᠠᠭᠴᠢᠳ ᠤᠨ | ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠤᠬᠠᠭᠤᠯᠭ᠎ᠠ ᠶᠢᠨ ᠵᠠᠷ ᠮᠡᠳᠡᠭᠡ ᠶᠢ 350 ᠭᠠᠷᠤᠢ ᠲᠤᠬᠢᠷᠠᠭᠤᠯᠤᠨ᠂ | ᠪᠠᠷᠠᠭᠤᠨ ᠦᠵᠦᠮᠦᠴᠢᠨ ᠬᠤᠰᠢᠭᠤᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠪᠠᠷᠠᠭᠤᠨ ᠦᠵᠦᠮᠦᠴᠢᠨ ᠬᠤᠰᠢᠭᠤ ᠨᠢ ᠨᠤᠲᠤᠭ ᠤᠨ ᠰᠣᠶᠣᠯ ᠤᠨ ᠡᠬᠢ ᠪᠠᠶᠠᠯᠢᠭ ᠢᠶᠠᠨ ᠭᠦᠨ ᠠᠭᠤᠳᠠᠯᠵᠤ᠂ | ᠮᠠᠷᠡᠽᠤᠨ ᠤᠷᠤᠯᠳᠤᠭᠠᠨ᠂ ᠳᠤᠭᠤᠢ ᠲᠡᠷᠭᠡᠨ ᠤ ᠤᠷᠤᠯᠳᠤᠭᠠᠨ᠂ ᠳᠠᠭᠤᠤ ᠬᠥᠭᠵᠢᠮ ᠤᠨ ᠨᠠᠶᠢᠷ᠂ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠠᠯᠢ ᠣᠯᠠᠨ ᠤᠷᠤᠯᠳᠤᠭᠠᠨ ᠤ ᠠᠵᠢᠯᠯᠠᠭ᠎ᠠ ᠪᠠ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠦᠷᠨᠢᠬᠦᠯᠦᠨ᠂ ᠲᠥᠪ ᠤᠨ ᠵᠠᠭᠤᠴᠢᠯᠠᠭᠤᠷ᠂ | ᠮᠤᠵᠢ ᠶᠢᠨ ᠵᠠᠭᠤᠴᠢᠯᠠᠭᠤᠷ ᠵᠢᠴᠢ ᠣᠬᠤᠷ ᠸᠢᠳᠢᠤ᠋ ᠶᠢᠨ ᠲᠠᠪᠴᠠᠩ ᠢᠶᠠᠷ ᠲᠠᠮᠵᠢᠨ᠂ ᠤᠯᠠᠨ ᠲᠠᠯ᠎ᠠ ᠠᠴᠠ | ᠤᠬᠠᠭᠤᠯᠤᠨ ᠮᠡᠳᠡᠭᠡᠯᠡᠵᠦ᠂ ᠨᠥᠯᠥᠭᠡᠯᠡᠬᠦ ᠬᠦᠴᠦᠨ ᠢᠶᠠᠨ ᠥᠷᠭᠡᠳᠬᠡᠬᠦ ᠶᠢᠨ ᠬᠠᠮᠲᠤ᠂ ᠪᠣᠳᠠᠲᠤ ᠦᠵᠡᠭᠳᠡᠯᠲᠦ | ᠵᠦᠴᠦᠭᠡ ᠶᠢ ᠨᠠᠷᠢᠨ ᠨᠢᠮᠪᠠᠢ ᠵᠤᠬᠢᠶᠠᠨ ᠪᠦᠳᠦᠬᠡᠵᠦ᠂ ᠠᠷᠠᠳ ᠤᠨ ᠵᠠᠩ ᠦᠢᠯᠡ ᠶᠢᠨ ᠷᠢᠳᠢ ᠰᠢᠳᠢ ᠶᠢ ᠶᠡᠭᠡ ᠪᠠᠷ | ᠪᠠᠳᠠᠷᠠᠭᠤᠯᠵᠤ᠂ ᠵᠤᠭᠠᠴᠠᠭᠰᠠᠳ ᠤᠨ ᠰᠠᠶᠢᠨ ᠦᠨᠡᠯᠡᠯᠲᠡ ᠶᠢ ᠣᠯᠵᠠᠢ᠃ | ᠪᠠᠷᠠᠭᠤᠨ ᠦᠵᠦᠮᠦᠴᠢᠨ ᠬᠤᠰᠢᠭᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ ︽ᠵᠢᠭᠤᠯᠴᠢᠯᠠᠯ ᠤᠨ ᠠᠷᠪᠠᠨ ᠵᠤᠷᠪᠤᠰ︾ ᠤᠨ ᠦᠢᠯᠡᠳᠦᠯ ᠢ ᠪᠠᠳᠠᠷᠠᠭᠤᠯᠤᠨ᠂ ᠵᠢᠭᠤᠯᠴᠢᠯᠠᠯ ᠤᠨ | ᠦᠢᠯᠡᠴᠢᠯᠡᠭᠡᠨ ᠤ ︽ᠰᠣᠶᠣᠯ ᠤᠨ ᠵᠢᠭᠤᠯᠴᠢᠯᠠᠯ + ᠬᠤᠳᠠᠯᠳᠤᠭᠠᠴᠢᠨ ᠤᠷᠢᠬᠤ︾ ᠵᠠᠭᠪᠤᠷ ᠤᠨ ᠰᠢᠨ᠎ᠡ ᠶᠢ | ᠡᠭᠦᠳᠴᠦ᠂ 11 ᠭᠤᠣᠯᠳᠠᠯᠭ᠎ᠠ ᠲᠠᠢ ᠬᠤᠲᠠ ᠳᠤ ᠬᠦᠷᠴᠦ 14 ᠲᠠᠯᠠᠪᠤᠷ ᠲᠠᠨᠢᠯᠴᠠᠭᠤᠯᠭ᠎ᠠ ᠶᠢᠨ ᠬᠤᠷᠠᠯ ᠡᠷᠭᠢᠯᠡᠵᠦ᠂ | 300 ᠭᠠᠷᠤᠢ ᠵᠢᠭᠤᠯᠴᠢᠯᠠᠯ ᠤᠨ ᠺᠣᠮᠫᠠᠨᠢ ᠶᠢ ᠲᠡᠳᠡᠨ ᠠᠪᠴᠢᠷᠠᠵᠤ᠂ 72 ᠲᠦᠮᠡᠨ ᠬᠥᠮᠥᠨ ᠤᠳᠠᠭ᠎ᠠ ᠶᠢᠨ | ᠵᠣᠴᠢᠳ ᠢ ᠲᠡᠳᠡᠨ ᠠᠪᠴᠢᠷᠠᠪᠠ︔ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠵᠣᠬᠢᠴᠠᠭᠤᠯᠤᠨ ᠨᠠᠪᠲᠠᠷᠡᠭᠦᠯᠵᠦ᠂ | ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ᠂ ᠨᠡᠶᠢᠲᠡ ᠶᠢᠨ ᠵᠠᠮ ᠬᠠᠷᠢᠯᠴᠠᠭ᠎ᠠ ᠳᠤ | ᠰᠦᠢᠳᠬᠡᠯ ᠥᠯᠥ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ | ᠨᠦᠬᠦᠴᠠᠯ ᠪᠤᠯᠤᠮᠵᠢ ᠶᠢ ᠰᠠᠶᠢᠵᠢᠷᠠᠭᠤᠯᠪᠠ᠃ | ᠰᠣᠶᠣᠯ ᠤᠨ ᠵᠢᠭᠤᠯᠴᠢᠯᠠᠯ ᠤᠨ ᠰᠠᠭᠤᠷᠢ ᠲᠦᠭᠦᠬᠡᠷᠣᠮᠵᠢ ᠶᠢ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ | ᠂ ᠬᠠᠪᠴᠢᠭᠠᠶ ᠶᠢᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠲᠠᠯ᠎ᠠ ᠨᠤᠲᠤᠭ ᠤᠨ ︽99 ᠳ᠋ᠣᠬᠡᠷ | ᠵᠢᠭᠤᠯᠴᠢᠯᠠᠯ ᠵᠠᠮ︾ ᠤᠨ ᠡᠬᠢᠯᠡᠯᠲᠡ ᠶᠢᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠵᠡᠷᠬᠡ ᠶᠢ ᠪᠠᠶᠢᠭᠤᠯᠵᠦ | ᠂ ᠯᠦ ᠬᠠᠢ ᠴᠢᠩ ᠴᠢᠤᠸᠠᠨ ᠪᠦᠯᠦᠭᠯᠡᠯ᠂ ᠤᠯᠠᠭᠠᠨᠬᠠᠭᠠᠯᠭ᠎ᠠ ᠠᠰᠠᠷᠠᠨ ᠰᠣᠪᠢᠯᠠᠯᠳᠠ ᠵᠡᠷᠭᠡ ᠺᠣᠮᠫᠠᠨᠢ ᠶᠢ | ᠣᠷᠣᠭᠤᠯᠤᠨ ᠠᠪᠴᠢᠷᠠᠵᠤ᠂ ᠦᠵᠦᠮᠦᠴᠢᠨ ᠠᠳᠤᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠬᠡ ᠶᠢ | ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠡᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ | ᠶᠡᠬᠡᠪᠡᠷ ᠲᠡᠭᠦᠯᠳᠡᠷᠵᠢᠭᠦᠯᠵᠦ᠂ ᠴᠠᠭᠠᠨ ᠮᠤᠷᠢᠳᠣ ᠬᠥᠭᠦᠷᠭᠡ᠂ ᠲᠠᠯ᠎ᠠ ᠨᠤᠲᠤᠭ ᠤᠨ ︽99 ᠨᠣᠮᠧᠷᠲᠤ ᠵᠢᠭᠤᠯᠴᠢᠯᠠᠯ | ᠵᠠᠮ︾ ᠤᠨ ᠠᠭᠤᠳᠠᠮ ᠲᠠᠯᠠᠪᠠᠶ ᠶᠢ ᠪᠠᠶᠢᠭᠤᠯᠤᠨ ᠳᠠᠭᠤᠰᠬᠠᠵᠤ᠂ ᠪᠠᠯᠭᠠᠷᠭᠤᠤᠯ ᠪᠠᠯᠭᠠᠰᠣᠨ ᠤ ᠰᠥᠨᠢ ᠶᠢᠨ ᠵᠠᠬ᠎ᠠ | ᠳᠡᠯᠭᠡᠭᠦᠷ ᠢ ᠲᠠᠰ ᠲᠠᠪᠰᠢᠬᠦᠯᠦᠨ ᠪᠠᠶᠢᠭᠤᠯᠵᠡᠢ᠃ | ᠲᠤᠰ ᠤᠳᠠᠭᠠᠨ ᠤ 500 ᠲᠦᠮᠡᠨ ᠲᠥᠭᠦᠷᠢᠭ ᠤᠨ ᠰᠣᠶᠣᠯ ᠵᠢᠭᠤᠯᠴᠢᠯᠠᠯ ᠤᠨ ᠱᠠᠩᠨᠠᠯ ᠤᠨ ᠮᠥᠩᠭᠦ ᠨᠢ ᠪᠥᠬᠦ | ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠭᠰᠠᠨ | ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤ ᠨᠢ ᠰᠣᠶᠣᠯ ᠵᠤᠭᠠᠴᠠᠯ ᠤᠨ ᠠᠭᠤᠰᠤᠯᠴᠠᠯ ᠤᠨ ᠳᠠᠯᠳᠠ ᠬᠦᠴᠦᠨ ᠢ | ᠢᠳᠡᠪᠬᠢᠲᠡᠢ ᠠᠭᠤᠳᠠᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ︽ᠲᠠᠯ᠎ᠠ ᠨᠤᠲᠤᠭ ᠤᠨ 99 | ᠨᠣᠮᠧᠷᠲᠤ ᠵᠢᠭᠤᠯᠴᠢᠯᠠᠯ ᠤᠨ ᠵᠠᠮ︾ ᠢ ᠤᠮᠠᠷᠠᠲᠤ ᠶᠢᠨ ᠰᠣᠶᠣᠯ ᠵᠤᠭᠠᠴᠠᠯ ᠤᠨ ᠨᠠᠷᠡᠳᠣ ᠲᠡᠮᠳᠡᠭ ᠪᠣᠯᠭᠠᠵᠤ᠂ | ᠣᠷᠣᠨ ᠪᠦᠰᠡ ᠶᠢᠨ ᠠᠵᠤ ᠠᠬᠤᠢ ᠶᠢᠨ ᠥᠷᠨᠢᠩᠭᠦᠢ ᠬᠥᠭᠵᠢᠯᠲᠡ ᠳᠤ ᠬᠦᠴᠦᠨ ᠨᠠᠮᠠᠷᠢᠯᠠᠬᠦ ᠪᠠᠷ ᠪᠠᠶᠢᠨ᠎ᠠ᠃ |