ᠰᠢᠯᠢ ᠶᠢᠨ ᠭᠤᠣᠯ ᠠᠶᠢᠮᠠᠭ ᠤᠨ ᠬᠤᠳᠳᠤᠭ ᠤᠨ ᠦᠢᠯᠡᠳᠪᠦᠷᠢ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠪᠠᠷᠠᠭᠤᠨ ᠦᠵᠦᠮᠦᠴᠢᠨ ᠬᠤᠰᠢᠭᠤᠨ ᠳᠤ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 6 ᠤ ᠡᠳᠦᠷ᠂ ᠰᠢᠯᠢ ᠶᠢᠨ ᠭᠤᠣᠯ ᠠᠶᠢᠮᠠᠭ ᠤᠨ 2024 ᠣᠨ ᠤ ᠬᠤᠳᠳᠤᠭ ᠤᠨ ᠦᠢᠯᠡᠳᠪᠦᠷᠢ ᠠᠭᠤᠷᠬᠠᠢ ᠶᠢᠨ ᠬᠤᠣᠷ ᠬᠥᠨᠥᠭᠡᠯ ᠲᠠᠢ ᠬᠡᠢ ᠪᠡᠶᠡᠲᠦ ᠳᠤ ᠬᠤᠣᠷᠳᠠᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠪᠠᠶᠠᠨᠬᠤᠸᠠ ᠬᠠᠢ ᠵᠧᠦ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠳᠤ ᠤᠷᠤᠭᠰᠢᠲᠠᠢ ᠶᠠᠪᠤᠭᠳᠠᠪᠠ    ᠲᠣᠰ ᠤᠳᠠᠭᠠᠨ ᠤ ᠰᠣᠷᠢᠯᠲᠠ ᠳᠤ ᠠᠭᠤᠷᠬᠠᠢ ᠶᠢᠨ ᠬᠤᠳᠳᠤᠭ ᠤᠨ ᠳᠣᠣᠷᠠᠬᠢ 1102 ᠰᠠᠯᠬᠢ ᠨᠡᠪᠲᠡᠷᠡᠬᠦ ᠠᠵᠢᠯ ᠤᠨ ᠲᠠᠯᠠᠪᠤᠷ ᠤᠨ ᠠᠷᠠᠰᠤᠨ ᠪᠦᠰᠡ ᠶᠢᠨ ᠦᠷᠦᠯᠲᠡ ᠠᠴᠠ ᠪᠣᠯᠵᠤ ᠭᠠᠯ ᠤᠨ ᠠᠶᠤᠯ ᠭᠠᠷᠴᠤ᠂ 6 ᠬᠥᠮᠥᠨ ᠤ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠭᠰᠠᠨ ᠢᠶᠠᠷ ᠳᠠᠭᠤᠷᠢᠶᠠᠮᠠᠯ ᠦᠵᠡᠭᠳᠡᠯ ᠪᠣᠯᠭᠠᠵᠤ ᠂ ︽ᠠᠭᠤᠷᠬᠠᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠭᠠᠯ ᠤᠨ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ︾ ᠪᠠ ︽ᠬᠤᠣᠷᠳᠠᠭᠳᠠᠵᠤ ᠪᠦᠲᠡᠩᠰᠡᠭᠰᠡᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ︾ ᠢ ᠵᠡᠷᠭᠡ ᠪᠠᠷ ᠡᠬᠢᠯᠡᠭᠦᠯᠪᠡ᠃    ᠬᠤᠳᠳᠤᠭ ᠤᠨ ᠦᠢᠯᠡᠳᠪᠦᠷᠢ ᠠᠭᠤᠷᠬᠠᠢ ᠶᠢᠨ ᠳᠠᠷᠤᠭ᠎ᠠ ᠸᠠᠩ ᠴᠦᠨ ᠪᠢᠶᠣᠣ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠶᠡᠷᠦᠩᠬᠡᠢ ᠢᠨᠵᠧᠨᠧᠷ ᠯᠢᠦ ᠬᠤᠩ ᠭᠤᠸᠠᠩ ᠳᠡᠳ᠋ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠳᠣᠣᠷ᠎ᠠ ᠨᠢ ᠴᠠᠬᠢᠯᠭᠠᠨ ᠬᠠᠩᠭᠠᠬᠤ ᠮᠡᠳᠡᠭᠡ ᠬᠤᠯᠪᠣᠭ᠎ᠠ᠂ ᠠᠶᠤᠯ ᠠᠴᠠ ᠠᠪᠤᠷᠠᠨ ᠲᠤᠰᠠᠯᠠᠬᠤ᠂ ᠮᠡᠷᠭᠡᠵᠢᠯ᠂ ᠡᠳ᠋ ᠪᠣᠳᠠᠰ᠂ ᠰᠡᠷᠭᠡᠶᠢᠯᠡᠯᠲᠡ᠂ ᠠᠷᠤ ᠲᠠᠯ᠎ᠠ ᠶᠢᠨ ᠦᠢᠯᠡᠴᠢᠯᠡᠭᠡᠨ ᠤ 6 ᠳᠤᠭᠤᠶᠢᠯᠠᠩ ᠬᠠᠮᠲᠤᠷᠠᠨ ᠪᠠᠶᠢᠯᠳᠤᠪᠠ᠃ ᠲᠣᠰ ᠤᠳᠠᠭᠠᠨ ᠤ ᠰᠣᠷᠢᠯᠲᠠ ᠳᠤ ᠣᠷᠣᠯᠴᠠᠭᠰᠠᠨ ᠨᠢᠭᠡᠴᠡ ᠳᠤ ᠰᠢᠯᠢ ᠶᠢᠨ ᠭᠤᠣᠯ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠶ᠃ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠵᠡᠷᠭᠡ ᠣᠯᠠᠨ ᠬᠦᠷᠢᠶᠡᠨ ᠤ ᠪᠠᠲᠤᠯᠠᠭ᠎ᠠ ᠶᠢᠨ ᠨᠢᠭᠡᠴᠡ᠂ ᠪᠠᠰᠠ ᠺᠠᠶᠢᠯᠤᠸᠠᠨ ᠪᠦᠯᠦᠭᠯᠡᠯ ᠤᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠶᠢᠨ ᠠᠪᠤᠷᠠᠨ ᠲᠤᠰᠠᠯᠠᠬᠤ ᠠᠩᠭᠢ᠂ ᠪᠠᠶᠠᠨᠬᠤᠸᠠ ᠺᠣᠮᠫᠠᠨᠢ ᠶᠢᠨ ᠠᠪᠤᠷᠠᠨ ᠲᠤᠰᠠᠯᠠᠬᠤ ᠳᠤᠮᠳᠠ ᠠᠩᠭᠢ᠂ ᠰᠢᠯᠢ ᠶᠢᠨ ᠭᠤᠣᠯ ᠠᠶᠢᠮᠠᠭ ᠤᠨ ᠪᠠᠶᠠᠨᠬᠤᠸᠠ ᠪᠠᠴᠢᠮ ᠠᠪᠤᠷᠠᠨ ᠲᠤᠰᠠᠯᠠᠬᠤ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠤᠰᠬᠠᠢ ᠠᠪᠤᠷᠠᠨ ᠲᠤᠰᠠᠯᠠᠬᠤ ᠬᠦᠴᠦᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠬᠤᠸᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠡᠰᠡᠭ ᠠᠭᠤᠷᠬᠠᠢ ᠶᠢᠨ ᠠᠵᠤ ᠠᠬᠤᠶᠢᠯᠠᠯ ᠤᠳ ᠦᠵᠡᠭᠦᠯᠦᠯᠭᠡ ᠶᠢᠨ ᠨᠢᠭᠡᠴᠡ ᠪᠠᠷ ᠣᠷᠣᠯᠴᠠᠪᠠ᠃     ᠰᠣᠷᠢᠯᠲᠠ ᠶᠢᠨ ᠶᠠᠪᠤᠴᠠ ᠳᠤ᠂ ᠡᠯ᠎ᠡ ᠳᠤᠭᠤᠶᠢᠯᠠᠩ ᠤᠨ ᠬᠢᠨ ᠲᠦᠷᠭᠡᠨ ᠲᠤᠰᠬᠠᠯ ᠂ ᠨᠢᠭᠲᠠ ᠬᠠᠮᠵᠢᠯᠴᠠᠭ᠎ᠠ ᠲᠠᠢ ᠪᠠᠶᠢᠵᠤ᠂ ᠭᠠᠯ ᠤᠨ ᠭᠠᠮᠰᠢᠭ ᠢ ᠣᠯᠵᠤ ᠮᠡᠳᠡᠬᠦ ᠶᠢᠨ ᠬᠠᠮᠲᠤ ᠬᠠᠷᠢᠭᠤ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠣᠴᠢᠬᠤ᠂ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ᠂ ᠰᠢᠷᠬᠠᠲᠤᠭᠰᠠᠳ ᠢ ᠲᠤᠬᠠᠢ ᠶᠢᠨ ᠲᠠᠯᠠᠪᠤᠷ ᠲᠤ ᠪᠠᠴᠢᠮ ᠰᠢᠢᠳᠪᠦᠷᠢᠯᠡᠬᠦ ᠵᠡᠷᠭᠡ ᠡᠯ᠎ᠡ ᠭᠤᠭᠴᠤᠭ᠎ᠠ  ᠡᠮᠬᠢ ᠴᠡᠭᠴᠡ ᠲᠠᠢ᠂ ᠡᠯ᠎ᠡ ᠠᠪᠤᠷᠠᠨ ᠲᠤᠰᠠᠯᠠᠬᠤ ᠨᠢᠭᠡᠴᠡ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠪᠤᠷᠠᠨ ᠲᠤᠰᠠᠯᠠᠬᠤ ᠠᠵᠢᠯᠯᠠᠭ᠎ᠠ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠯ᠎ᠠ ᠪᠠᠷ ᠬᠢ ᠬᠠᠮᠵᠢᠯᠴᠠᠨ ᠪᠠᠶᠢᠯᠳᠤᠬᠤ ᠴᠢᠳᠠᠪᠤᠷᠢ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠭᠦᠢᠴᠡᠳ ᠰᠢᠯᠭᠠᠨ ᠪᠠᠶᠢᠴᠠᠭᠠᠵᠠᠢ᠃      ᠲᠤᠰ ᠤᠳᠠᠭᠠᠨ ᠤ ᠰᠣᠷᠢᠯᠲᠠ   ᠶᠢ ᠰᠢᠯᠢ   ᠶᠢᠨ ᠭᠤᠣᠯ ᠠᠶᠢᠮᠠᠭ ᠤᠨ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ   ᠶᠢᠨ ᠲᠣᠪᠴᠢᠶ᠎ᠠ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ   ᠶᠢᠨ ᠲᠣᠪᠴᠢᠶ᠎ᠠ ᠬᠠᠮᠲᠤᠷᠠᠨ ᠡᠷᠬᠢᠯᠡᠵᠤ᠂ ᠥᠪᠥᠷ ᠮᠣᠩᠭᠤᠯ ᠤᠨ ᠪᠠᠶᠠᠨᠬᠤᠸᠠ ᠬᠠᠢ ᠵᠧᠦ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠳᠠᠭᠠᠭᠠᠴᠢᠯᠠᠨ ᠡᠷᠬᠢᠯᠡᠵᠤ᠂ ᠡᠨᠡ ᠨᠢ ᠪᠠᠷᠠᠭᠤᠨ ᠦᠵᠦᠮᠦᠴᠢᠨ ᠬᠤᠰᠢᠭᠤᠨ ᠤ ᠠᠭᠤᠷᠬᠠᠢ ᠶᠢᠨ ᠬᠤᠳᠳᠤᠭ ᠤᠨ ᠦᠢᠯᠡᠳᠪᠦᠷᠢ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ ᠪᠠ ᠳᠡᠭᠡᠭᠰᠢᠯᠡᠯᠲᠡ ᠪᠠᠶᠢᠵᠤ᠂ ᠬᠤᠶᠢᠰᠢᠳᠠ ᠶᠢᠨ ᠡᠶᠢᠮᠦᠷᠬᠦ ᠠᠳᠡᠯ ᠢ ᠠᠷᠭᠠᠴᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠭᠠᠵᠠᠷ ᠣᠷᠣᠨ ᠤ ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ  ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号