ᠪᠠᠷᠠᠭᠤᠨ ᠦᠵᠦᠮᠦᠴᠢᠨ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠠᠰ ᠤᠨ ᠨᠡᠶᠢᠳᠡᠮ ᠤᠨ ᠪᠠᠶᠢᠴᠠᠭᠠᠯᠲᠠ ᠳᠤ  4 ᠲᠡᠦᠬᠡ ᠶᠢᠨ ᠳᠤᠷᠠᠰᠬᠠᠯᠲᠤ ᠪᠤᠳᠠᠰ ᠢ ᠪᠠᠶᠢᠴᠠᠭᠠᠨ ᠢᠯᠠᠷᠡᠬᠦᠯᠪᠠ
ᠨᠡᠶᠢᠲᠡᠯᠡᠭᠰᠡᠨ ᠴᠠᠭ᠄
2024/12/9
   ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ  ᠢᠶᠠᠨ ᠤᠷᠤᠭᠰᠢᠲᠠᠢ ᠲᠠᠭᠤᠰᠬᠠᠵᠡᠢ᠃ ᠨᠡᠶᠢᠳᠡᠮ ᠪᠠᠶᠢᠴᠠᠭᠠᠯᠲᠠ ᠡᠬᠢᠯᠡᠭᠰᠠᠨ ᠠᠴᠠ ᠨᠠᠰᠢ᠂ ᠨᠡᠶᠢᠳᠡᠮ ᠪᠠᠶᠢᠴᠠᠭᠠᠬᠤ ᠪᠦᠯᠬᠦᠮ ᠨᠢ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ 178 ᠲᠦᠷᠦᠯ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠢ  ᠪᠠᠶᠢᠴᠠᠭᠠᠨ᠂ ᠨᠡᠶᠢᠳᠡᠮ ᠪᠠᠶᠢᠴᠠᠭᠠᠯᠲᠠ ᠶᠢᠨ ᠨᠣᠷᠮ᠎ᠠ 100% ᠳᠤ ᠬᠦᠷᠴᠡᠢ᠂ ᠡᠭᠦᠨ ᠳᠤ 5 ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ  ᠂ 16 ᠬᠤᠰᠢᠭᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ᠂ 157 ᠲᠠᠰ ᠲᠣᠭᠲᠠᠭᠠᠳᠤᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠪᠣᠶ᠃
        ᠲᠣᠰ ᠤᠳᠠᠭᠠᠨ ᠤ ᠨᠡᠶᠢᠳᠡᠮ ᠤᠨ ᠪᠠᠶᠢᠴᠠᠭᠠᠯᠲᠠ ᠳᠤ ᠰᠢᠨ᠎ᠡ ᠰᠢᠪᠲᠤᠯᠤᠯᠲᠠ ᠲᠠᠢ ᠪᠣᠯᠵᠤ᠂ 4 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠢ ᠰᠢᠨ᠎ᠡ ᠪᠠᠷ ᠢᠯᠡᠷᠡᠭᠦᠯᠪᠡ᠂ ᠡᠭᠦᠨ ᠳᠤ ᠡᠷᠲᠡᠨ ᠤ ᠪᠤᠯᠠᠰᠢ᠂ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ ᠵᠡᠷᠭᠡ ᠲᠥᠷᠥᠯ ᠵᠦᠢᠯ  ᠪᠠᠭᠳᠠᠵᠦ᠂ ᠢᠯᠡᠷᠡᠭᠦᠯᠦᠭᠰᠡᠨ ᠡᠷᠲᠡᠨ ᠤ ᠪᠠᠭᠤᠷᠢ ᠨᠢ ᠤᠤᠯ ᠤᠨ ᠬᠠᠨ ᠠᠭᠤᠯᠠ ᠰᠤᠮᠤᠨ ᠤ ᠵᠡᠭᠦᠨ ᠲᠠᠯ᠎ᠠ ᠳᠤ ᠪᠠᠶᠢᠵᠤ᠂ ᠡᠷᠲᠡᠨ ᠤ ᠪᠠᠷᠢᠯᠭ᠎ᠠ ᠶᠢᠨ ᠭᠤᠷᠤᠬᠠᠨ ᠪᠠᠯᠭᠠᠰᠤ ᠤᠷᠴᠢᠮ ᠪᠠᠶᠢᠷᠢᠯᠠᠨ᠂ ᠬᠤᠶᠠᠷ ᠡᠷᠲᠡᠨ ᠤ ᠤᠩᠭᠤᠨ ᠨᠢ ᠰᠤᠩᠬᠢᠨ᠎ᠠ ᠠᠭᠤᠯᠠ ᠵᠢᠴᠢ ᠤᠯᠠᠭᠠᠨᠬᠠᠭᠠᠯᠠᠭ᠎ᠠ ᠰᠤᠮᠤᠨ ᠤ ᠡᠷᠬᠡᠳᠣᠤᠪᠤᠭ᠎ᠠ ᠭᠠᠴᠠᠭᠠᠨ ᠳᠤ ᠪᠠᠶᠢᠷᠢᠯᠠᠵᠦ ᠪᠠᠶᠢᠭ᠎ᠠ ᠶᠤᠮ  ᠪᠠᠶᠢᠨ᠎ᠠ᠃ ᠡᠳᠠᠬᠡᠷ ᠲᠠᠣᠬᠡ ᠶᠢᠨ ᠲᠤᠷᠠᠰᠬᠠᠯᠳᠣ ᠲᠤᠬᠠᠢ ᠶᠢᠨ ᠭᠠᠵᠠᠷ ᠤᠨ ᠥᠪᠡᠷᠮᠢᠴᠡ ᠣᠨᠴᠠᠯᠢᠭ ᠲᠠᠢ ᠲᠡᠦᠬᠡ ᠰᠣᠶᠣᠯ ᠤᠨ ᠮᠡᠳᠡᠭᠡ ᠵᠠᠩᠭᠢ ᠶᠢ ᠠᠴᠢᠶᠠᠯᠠᠵᠤ᠂ ᠰᠤᠳᠤᠯᠭᠠᠨ ᠤ ᠦᠨ᠎ᠡ ᠦᠷᠳᠡᠭ ᠢᠶᠠᠷ ᠮᠠᠰᠢ ᠥᠨᠳᠥᠷ ᠪᠠᠶᠢᠳᠠᠭ᠃
   ᠪᠠᠷᠠᠭᠤᠨ ᠦᠵᠦᠮᠦᠴᠢᠨ ᠬᠤᠰᠢᠭᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠵᠢᠷᠤᠮᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠠᠭᠤᠳᠠᠯᠠᠵᠦ᠂ ᠨᠡᠶᠢᠳᠡᠮ ᠤᠨ ᠪᠠᠶᠢᠴᠠᠭᠠᠯᠲᠠ ᠶᠢᠨ ᠭᠤᠷᠪᠠᠳᠤᠭᠠᠷ ᠱᠠᠲᠤᠨ ᠤ ᠠᠵᠢᠯ ᠢ ᠡᠬᠢᠯᠡᠭᠦᠯᠵᠦ᠂ ᠭᠤᠣᠯᠳᠠᠯᠭ᠎ᠠ ᠲᠠᠢ ᠪᠠᠷ ᠲᠡᠦᠬᠡ ᠶᠢᠨ ᠳᠤᠷᠠᠰᠬᠠᠯᠲᠤ ᠵᠦᠢᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠳᠠᠩᠰᠠᠯᠠᠬᠤ ᠪᠠ ᠨᠡᠶᠢᠲᠡᠯᠡᠬᠦ ᠠᠵᠢᠯ ᠢ ᠰᠠᠶᠢᠳᠣᠷ ᠬᠢᠵᠦ᠂  ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠨᠡᠶᠢᠭᠡᠮ ᠳᠤ ᠢᠯᠡ ᠨᠡᠶᠢᠲᠡᠯᠡᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠬᠦᠴᠦᠨ  ᠨᠠᠮᠠᠷᠢᠯᠠᠵᠦ ᠪᠠᠶᠢᠨ᠎ᠠ᠃                    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号