ᠠᠷᠠᠳ ᠤᠨ ᠲᠦᠯᠦᠭᠡᠯᠡᠭᠴᠢ ᠳ᠋ᠠᠮᠪᠠ —  ᠠᠷᠢᠭᠤᠨ ᠲᠠᠷᠬᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠶᠠᠪᠤᠨ᠎ᠠ
ᠨᠡᠶᠢᠲᠡᠯᠡᠭᠰᠡᠨ ᠴᠠᠭ᠄
2024/2/19
                                           ᠳ᠋ᠠᠮᠪᠠ ᠪᠣᠯ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠳᠤᠨ ᠤ ᠠᠷᠠᠳ ᠤᠨ ᠲᠦᠯᠦᠭᠡᠯᠡᠭᠴᠢ ᠮᠦᠨᠴᠦ ᠪᠠᠶᠠᠠᠬᠤᠰᠢᠭᠤ ᠰᠤᠮᠤᠨ ᠤ  ᠪᠦᠷᠢᠳᠦᠨ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠵᠥᠪᠯᠡᠯ ᠤᠨ ᠡᠷᠬᠢᠯᠡᠭᠴᠢ  ᠪᠤᠯᠬᠤ ᠶᠤᠮ᠃    ᠳ᠋ᠠᠮᠪᠠ 2006 ᠤᠨ ᠠᠴᠠ ᠭᠠᠴᠠᠭᠠᠨ ᠤ ᠲᠡᠳ᠋  ᠲᠠᠷᠤᠭ᠎ᠠ ᠶᠢᠨ ᠠᠵᠢᠯ ᠢ ᠡᠭᠦᠷᠭᠡᠯᠡᠵᠦ᠂ 2015 ᠤᠨ ᠠᠴᠠ  ᠭᠠᠴᠠᠭᠠᠨ ᠲᠠᠷᠤᠭ᠎ᠠ ᠶᠢᠨ ᠠᠵᠢᠯ ᠢ ᠬᠠᠷᠢᠭᠤᠴᠠᠨ᠂ 2018 ᠤᠨ ᠠᠴᠠ ᠲᠠᠬᠢᠨ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠵᠦᠪᠯᠡᠯ ᠤᠨ ᠡᠷᠬᠢᠯᠡᠭᠴᠢ ᠶᠢᠨ ᠠᠵᠢᠯ ᠢ  ᠬᠠᠪᠰᠤᠷᠭᠠᠨ  ᠬᠢᠵᠦ᠂ ᠭᠠᠴᠠᠭᠠᠨ ᠤ ᠪᠠᠨ ᠤᠯᠠᠨ ᠲᠦᠮᠡᠨ  ᠲᠠᠢ ᠨᠢᠭᠳᠠᠷᠠᠨ ᠪᠦᠯᠬᠦᠮᠳᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠷ ᠮᠠᠯᠵᠢᠬᠤ ᠣᠷᠣᠨ ᠤ ᠬᠥᠭᠵᠢᠯᠲᠡ᠂ ᠮᠠᠯᠴᠢᠳ ‍ᠤᠨ‌ᠠᠮᠢᠳᠤᠷᠠᠯ ᠦᠢᠯᠡᠳᠪᠦᠷᠢᠯᠡᠯ ᠤᠨ ᠴᠢᠨᠡᠭᠡᠯᠢᠭᠵᠢᠯ ᠤᠨ ᠲᠥᠯᠥᠭᠡ ᠪᠥᠬᠦ ᠬᠦᠴᠦᠨ ᠴᠢᠳᠠᠯ ᠢᠶᠠᠨ ᠰᠢᠪᠬᠠᠨ ᠨᠤᠲᠤᠭ ᠤᠰᠤᠨ ᠳᠤ  ᠪᠠᠨ ᠲᠤᠯᠭᠠᠭᠤᠷᠢ ᠬᠦᠴᠦᠨ ᠪᠤᠯᠵᠤ ᠶᠠᠪᠤᠨ᠎ᠠ᠃     ᠨᠡᠩ ᠴᠦ ᠦᠷᠭᠡᠨ ᠲᠦᠮᠡᠨ ᠤ ᠪᠠᠨ ᠬᠦᠰᠡᠯ ᠨᠠᠶᠢᠳᠠᠯᠭ᠎ᠠ ᠪᠠᠷ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂  ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠲᠡᠭᠦᠨ ᠤ ᠲᠤᠷᠠᠳᠤᠭᠰᠠᠨ  ᠬᠦᠳᠡᠭᠡ ᠨᠤᠳᠤᠭ ᠲᠤ ᠪᠠᠶᠢᠩᠭᠤ ᠶᠢᠨ ᠴᠠᠬᠢᠯᠭᠠᠨ  ᠨᠡᠪᠲᠡᠷᠡᠭᠦᠯᠬᠦ  ᠂ ᠬᠠᠶᠢᠷ ᠴᠢᠯᠠᠭᠤᠨ ᠵᠠᠮ ᠢ ᠰᠢᠨᠡᠳᠭᠡᠨ ᠵᠠᠰᠠᠬᠤ ᠵᠡᠷᠭᠡ ᠰᠠᠨᠠᠯ ᠰᠠᠨᠠᠭᠤᠯᠭ᠎ᠠ ᠨᠢ  ᠪᠤᠳᠠᠳᠤ ᠪᠡᠶᠡᠯᠡᠯ ᠢᠶᠠᠨ ᠤᠯᠵᠤ᠂   ᠤᠷᠢᠳ ᠬᠤᠵᠢᠳ ᠭᠠᠴᠠᠭᠠᠨ ᠤ ᠪᠠᠨ 14 ᠡᠷᠦᠬᠡ   ᠳᠤ ᠴᠠᠬᠢᠯᠭᠠᠨ  ᠨᠡᠪᠲᠡᠷᠡᠭᠦᠯᠦᠭᠰᠡᠨ ᠪᠠ  ᠭᠠᠴᠠᠭᠠᠨ ᠤ ᠭᠤᠤᠯ ᠵᠠᠮ ᠱᠤᠭᠤᠮ ᠤᠨ28  ᠺᠢᠯᠤᠮᠧᠲᠷ ᠬᠠᠶᠢᠷ ᠴᠢᠯᠠᠭᠤᠨ ᠵᠠᠮ ᠤᠨ ᠡᠪᠳᠡᠭᠳᠡᠭᠰᠡᠨ ᠭᠡᠰᠡᠭ ᠢ ᠵᠠᠰᠠᠨ ᠰᠢᠨᠡᠳᠭᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ   ᠳᠤ ᠲᠦᠬᠦᠮ ᠦᠵᠡᠬᠦᠯᠦᠭᠰᠡᠨ ᠪᠠᠶᠢᠨ᠎ᠠ᠃   ᠰᠤᠷᠪᠤᠯᠵᠢᠯᠠᠭ᠎ᠠ -- ᠠᠷᠠᠳ ᠤᠨ ᠲᠦᠯᠦᠭᠡᠯᠡᠭᠴᠢ ᠳ᠋ᠠᠮᠪᠠ᠄  ︽ᠡᠬᠦᠪᠡᠷ ᠪᠠᠷᠠᠬᠤ ᠦᠭᠡᠢ ᠳ᠋ᠠᠮᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂  ᠰᠤᠷᠤᠯᠴᠠᠯᠭ᠎ᠠ ᠶᠢᠨ ᠳᠦᠷᠢᠮ᠂ ᠲᠣᠭᠲᠠᠮᠠᠯ ᠬᠤᠷᠠᠯ ᠤᠨ ᠳᠦᠷᠢᠮ᠂ ᠠᠷᠠᠳᠴᠢᠯᠠᠯ  ᠠᠮᠢᠳᠤᠷᠠᠯ ᠤᠨ ᠬᠤᠷᠠᠯ ᠤᠨ ᠳᠦᠷᠢᠮ ᠢ ᠲᠠᠰᠤᠷᠠᠯᠲᠠ ᠦᠭᠡᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠰᠤᠷᠤᠯᠴᠠᠯᠭ᠎ᠠ ᠶᠢᠨ ᠠᠵᠢᠯᠯᠠᠭ᠎ᠠ ᠪᠠ ᠡᠯ᠎ᠡ ᠵᠦᠢᠯ ᠤᠨ ᠦᠢᠯᠡᠴᠢᠯᠡᠭᠡᠨ ᠤ ᠠᠵᠢᠯᠯᠠᠭ᠎ᠠ  ᠦᠷᠨᠢᠬᠦᠯᠦᠨ᠂ ᠨᠠᠮ ᠤᠨ ᠬᠡᠰᠢᠬᠦᠳ ᠤᠨ ᠢᠳᠡᠪᠬᠢᠵᠢᠯ ᠢ ᠢᠳᠡᠪᠬᠢᠲᠡᠢ ᠳᠠᠶᠢᠴᠢᠯᠠᠨ ᠬᠥᠭᠵᠢᠭᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠲᠠ ᠨᠢᠭᠲᠠᠷᠠᠭᠤᠯᠵᠤ᠂ ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ  ᠲᠦᠷᠢᠮᠵᠢᠬᠦᠯᠦᠨ ᠪᠠᠷᠢᠮᠵᠢᠶᠠᠵᠢᠭᠤᠯᠵᠠᠢ᠃    ᠳ᠋ᠠᠮᠪᠠ ᠠᠷᠠᠳ ᠤᠨ ᠲᠦᠯᠦᠭᠡᠯᠡᠭᠴᠢ ᠶᠢᠨ ᠡᠬᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂  ᠢᠯᠭᠠᠤᠭᠰᠠᠨ ᠠᠵᠢᠯ ᠤᠨ ᠪᠦᠳᠦᠮᠵᠢ ᠪᠠᠷ ᠤᠯᠠᠨ ᠲᠦᠮᠡᠨ ᠳᠤ  ᠲᠠᠰᠤᠷᠠᠯᠲᠠ ᠦᠭᠡᠢ ᠦᠢᠯᠡᠴᠢᠯᠡᠵᠦ᠂  ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠲᠡᠭᠡᠭᠡᠭᠰᠡᠨ ᠮᠠᠰᠢ ᠤᠯᠠᠨ ᠠᠷᠠᠳ ᠲᠤ ᠠᠰᠢᠠᠠᠳᠠᠢ᠂ ᠠᠷᠠᠳ ᠤᠨ ᠠᠮᠢᠳᠤᠷᠠᠯ᠂ ᠮᠠᠯ ᠠᠵᠤ ᠠᠬᠤᠢ ᠶᠢᠨ ᠬᠦᠭᠵᠢᠯᠳᠡ ᠳᠤ ᠬᠤᠯᠪᠤᠭᠳᠠᠭᠰᠠᠨ ᠰᠠᠨᠠᠯ ᠰᠠᠨᠠᠭᠤᠯᠭ᠎ᠠ ᠤᠳ ᠢ ᠡᠮᠬᠢᠳᠭᠡᠨ ᠲᠡᠪᠰᠢᠬᠦᠯᠵᠦ᠂ ᠰᠢᠨ᠎ᠡ ᠴᠠᠭ ᠦᠶ᠎ᠡ  ᠶᠢᠨ ᠦᠨᠳᠦᠰᠦᠨ ᠱᠠᠳᠤᠨ ᠤ ᠠᠷᠠᠳ ᠤᠨ  ᠲᠥᠯᠥᠭᠡᠯᠡᠭᠴᠢ ᠶᠢᠨ  ᠴᠤᠭ ᠵᠤᠯᠪᠤᠭ᠎ᠠ ᠶᠢ ᠪᠠᠳᠠᠷᠠᠭᠤᠯᠵᠤ ᠶᠠᠪᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号